ᠬᠠᠶᠠᠭᠳᠠᠯ ᠪᠠᠲᠲ᠋ᠧᠷᠢ ᠶᠢ ᠳᠠᠬᠢᠨ ᠪᠣᠯᠪᠠᠰᠤᠷᠠᠭᠤᠯᠬᠤ ᠳᠤ︽ᠲᠣᠶᠣᠲ᠋ᠠ︾ᠲᠠᠢ ᠬᠠᠮᠲᠤᠷᠠᠨ᠎ᠠ | News.MN

ᠬᠠᠶᠠᠭᠳᠠᠯ ᠪᠠᠲᠲ᠋ᠧᠷᠢ ᠶᠢ ᠳᠠᠬᠢᠨ ᠪᠣᠯᠪᠠᠰᠤᠷᠠᠭᠤᠯᠬᠤ ᠳᠤ︽ᠲᠣᠶᠣᠲ᠋ᠠ︾ᠲᠠᠢ ᠬᠠᠮᠲᠤᠷᠠᠨ᠎ᠠ

ᠰᠢᠳᠠᠷ ᠰᠠᠶᠢᠳ ᠰ᠊ · ᠠᠮᠤᠷᠰᠠᠶᠢᠬᠠᠨ ︽ ᠲᠣᠶᠣᠲ᠋ᠠ︾ᠺᠣᠮᠫᠠᠨᠢ ᠶᠢᠨ ᠮᠣᠩᠭᠤᠯ ᠳᠠᠬᠢ ᠲᠥᠯᠥᠭᠡᠯᠡᠭᠴᠢ ᠶᠢᠨ ᠭᠠᠵᠠᠷ ᠤᠨ ᠵᠠᠬᠢᠷᠤᠯ  ᠶᠠᠰᠤ᠋  ᠤᠦ᠋ᠴᠢ ᠶᠢ ᠥᠪᠡᠷ ᠤᠨ ᠬᠢᠨᠢ ᠬᠦᠰᠡᠯᠲᠡ ᠪᠠᠷ ᠬᠦᠯᠢᠶᠡᠨ ᠠᠪᠴᠤ ᠠᠭᠤᠯᠵᠠᠬᠤ ᠳᠤ ᠪᠠᠨ᠂   ᠪᠠᠶᠢᠭᠠᠯᠢ ᠡᠻᠣᠯᠣᠭᠢ ᠳᠤ ᠬᠤᠣᠷ ᠲᠠᠢ᠂ ᠬᠥᠮᠦᠨ ᠠᠮᠠ ᠶᠢᠨ ᠡᠷᠡᠭᠦᠯ ᠮᠡᠨᠳᠦ ᠳᠤ  ᠰᠥᠷᠭᠦ ᠪᠠᠷ ᠨᠥᠯᠥᠭᠡᠯᠡᠬᠦ ᠬᠠᠶᠠᠭᠳᠠᠯ ᠪᠠᠲᠲ᠋ᠧᠷᠢ ᠶᠢ ᠴᠢᠨᠠᠭᠰᠢᠳᠠ  ᠬᠤᠤᠷ ᠦᠭᠡᠢᠵᠢᠭᠦᠯᠬᠦ ᠳᠤ ᠭᠤᠣᠯ ᠨᠡᠶᠢᠯᠡᠭᠦᠯᠦᠭᠴᠢ ᠺᠣᠮᠫᠠᠨᠢ ᠲᠠᠢ ᠬᠠᠮᠲᠤᠷᠠᠨ ᠠᠵᠢᠯᠯᠠᠬᠤ ᠬᠡᠷᠡᠭ ᠲᠠᠢ ᠶᠢ ᠳᠤᠷᠠᠳᠴᠤ᠂ ᠳᠠᠷᠠᠭ᠎ᠠ ᠳᠠᠷᠠᠭ᠎ᠠ ᠶᠢᠨ ᠠᠭᠤᠯᠵᠠᠯᠲᠠ ᠨᠤᠭᠤᠳ ᠢ ᠪᠠᠶᠢᠭᠠᠯᠢ ᠣᠷᠴᠢᠨ ᠠᠶᠠᠯᠠᠯ ᠵᠢᠭᠤᠯᠴᠢᠯᠠᠯ ᠤᠨ ᠶᠠᠮᠤᠨ᠂ ᠵᠡᠮ ᠲᠡᠭᠡᠭᠡᠪᠦᠷᠢ ᠶᠢᠨ ᠶᠠᠮᠤᠨᠲᠠᠢ ᠬᠠᠮᠲᠤᠷᠠᠨ ᠵᠣᠬᠢᠶᠠᠨ ᠪᠠᠶᠢᠭᠤᠯᠬᠤ ᠪᠠᠷ ᠲᠣᠭᠲᠠᠯ᠎ᠠ᠃
ᠰ᠊ · ᠠᠮᠤᠷᠰᠠᠶᠢᠬᠠᠨ᠄ ᠮᠠᠨ ᠤ ᠤᠯᠤᠰ ᠲᠤ ᠵᠢᠯ ᠳᠤ 80 ᠮᠢᠩᠭ᠎ᠠ ᠭᠠᠷᠦᠢ ᠰᠠᠭᠤᠳᠠᠯ ᠤᠨ ᠮᠠᠰᠢᠨ ᠲᠡᠷᠭᠡ ᠶᠢ ᠶᠠᠫᠤᠨ ᠤᠯᠤᠰ ᠠᠴᠠ ᠣᠷᠣᠭᠤᠯᠵᠤ ᠢᠷᠡᠳᠡᠭ᠃ ᠡᠨᠡ ᠨᠢ ᠵᠢᠯ ᠳᠤ ᠳᠤᠮᠳᠠᠴᠢ ᠪᠠᠷ 300 ᠰᠠᠶ᠎ᠠ  ᠳ᠋ᠣᠯᠯᠠᠷ ᠤᠷᠤᠰᠴᠤ ᠪᠠᠶᠢᠨ᠎ᠡ ᠭᠡᠰᠡᠨ ᠦᠭᠡ᠃ ᠡᠨᠡ ᠲᠤᠭ᠎ᠠ ᠴᠢᠨᠠᠭᠰᠢᠳᠠ ᠴᠤ ᠨᠡᠮᠡᠭᠳᠡᠨ᠎ᠡ᠃ ᠬᠤᠣᠰᠯᠠᠭᠰᠠᠨ ᠬᠥᠳᠡᠯᠭᠡᠭᠦᠷᠲᠦ ᠮᠠᠰᠢᠨ ᠲᠡᠷᠭᠡ ᠶᠢ ᠰᠣᠩᠭᠤᠨ ᠬᠡᠷᠡᠭᠯᠡᠬᠦ ᠢᠷᠭᠡᠳ ᠤᠨ ᠲᠤᠭ᠎ᠠ ᠨᠡᠮᠡᠭᠳᠡᠵᠦ ᠪᠠᠶᠢᠭ᠎ᠠ ᠨᠢ ᠠᠭᠠᠷ ᠤᠨ ᠪᠣᠬᠢᠷᠲᠤᠯ ᠢ ᠪᠠᠭᠤᠷᠠᠭᠤᠯᠬᠤ ᠳᠤ ᠲᠣᠳᠤᠷᠬᠠᠶ ᠨᠦᠯᠤᠬᠡ ᠦᠵᠡᠭᠦᠯᠬᠦ ᠴᠤ ᠬᠠᠶᠠᠭᠳᠠᠯ ᠪᠠᠲᠲ᠋ᠧᠷᠢ  ᠲᠤᠯᠭᠠᠮᠳᠠᠭᠰᠠᠨ ᠠᠰᠠᠭᠤᠳᠠᠯ ᠪᠣᠯᠣᠭᠠᠳ ᠪᠠᠶᠢᠨ᠎ᠡ᠃

ᠮᠠᠨ ᠤ ᠤᠯᠤᠰ ᠲᠤ ᠡᠨᠡ ᠲᠥᠷᠥᠯ ᠤᠨ ᠬᠠᠶᠠᠭᠳᠠᠯ ᠢ ᠤᠰᠠᠳᠬᠠᠬᠤ᠂ ᠳᠠᠬᠢᠨ ᠪᠣᠯᠪᠠᠰᠤᠷᠠᠭᠤᠯᠬᠤ ᠪᠣᠯᠣᠮᠵᠢ ᠣᠳᠤ ᠪᠠᠷ ᠪᠠᠶᠢᠬᠤ ᠦᠭᠡᠶ᠃ ᠲᠡᠶᠢᠮᠦ ᠠᠴᠠ︽ᠲᠣᠶᠣᠲ᠋ᠠ︾ᠺᠤᠷᠫᠤᠷᠠᠼ ᠭᠤᠣᠯ ᠨᠡᠶᠢᠯᠡᠭᠦᠯᠦᠭᠴᠢ ᠶᠢᠨ ᠬᠤᠪᠢ ᠳᠤ ᠨᠡᠶᠢᠭᠡᠮ ᠤᠨ ᠬᠠᠷᠢᠭᠤᠴᠠᠯᠭ᠎ᠠ ᠶᠢᠨ ᠬᠦᠷᠢᠶᠡᠨ ᠳᠤ ᠬᠠᠶᠠᠭᠳᠠᠯ ᠪᠠᠲᠲ᠋ᠧᠷᠢ ᠶᠢ ᠳᠠᠬᠢᠨ ᠪᠣᠯᠪᠠᠰᠤᠷᠠᠭᠤᠯᠬᠤ᠂ ᠰᠥᠷᠭᠦ ᠨᠥᠯᠥᠭᠡᠯᠡᠯ ᠢ ᠪᠠᠭᠤᠷᠠᠭᠤᠯᠬᠤ ᠳᠤ ᠠᠩᠬᠠᠷᠤᠯ ᠬᠠᠨᠳᠦᠭᠤᠯᠬᠤ ᠴᠠᠬ ᠨᠢ ᠪᠣᠯᠣᠭᠰᠠᠨ ᠭᠡᠵᠦ ᠪᠣᠳᠣᠵᠤ ᠪᠠᠶᠢᠨ᠎ᠡ ᠭᠡᠪᠡ᠃

ᠰᠡᠳᠬᠢᠭᠳᠡᠯ ᠦᠯᠡᠳᠡᠭᠡᠬᠦ