ᠳᠣᠲᠤᠭᠠᠳᠤ ᠶᠢᠨ ᠨᠡᠶᠢᠲᠡ ᠪᠦᠲᠦᠭᠡᠭᠳᠡᠬᠦᠨ 15.9 ᠬᠤᠪᠢ ᠪᠠᠷ ᠨᠡᠮᠡᠭᠳᠡᠪᠡ | News.MN

ᠳᠣᠲᠤᠭᠠᠳᠤ ᠶᠢᠨ ᠨᠡᠶᠢᠲᠡ ᠪᠦᠲᠦᠭᠡᠭᠳᠡᠬᠦᠨ 15.9 ᠬᠤᠪᠢ ᠪᠠᠷ ᠨᠡᠮᠡᠭᠳᠡᠪᠡ

ᠳᠣᠲᠣᠭᠠᠳᠤ ᠶᠢᠨ ᠨᠡᠶᠢᠲᠡ ᠪᠦᠲᠦᠭᠡᠭᠳᠡᠬᠦᠨ︵ᠦᠢᠯᠡᠳᠪᠦᠷᠢᠯᠡᠯ ᠤᠨ ᠠᠷᠭ᠎ᠠ ᠪᠠᠷ ᠲᠣᠭᠠᠴᠠᠭᠰᠠᠨ︶ᠡᠨᠡ ᠣᠨ ᠤ ᠡᠬᠢᠨ ᠤ ᠬᠠᠭᠠᠰ ᠵᠢᠯ ᠳᠤ ᠤᠷᠢᠳᠴᠢᠯᠠᠭᠰᠠᠨ ᠭᠦᠢᠴᠡᠳᠬᠡᠯ ᠢᠶᠠᠷ ᠣᠨ ᠤ ᠦᠨ᠎ᠡ ᠪᠠᠷ 23 ᠶᠡᠭᠡ ᠨᠠᠶᠤᠳ ᠲᠥᠭᠦᠷᠢᠭ ᠪᠣᠯᠪᠠ᠃ ᠡᠨᠡ ᠨᠢ ᠡᠮᠦᠨᠡᠬᠢ ᠣᠨ ᠤ ᠮᠦᠠ ᠦᠶ᠎ᠡ ᠶᠢᠨ ᠬᠢ ᠠᠴᠠ 3.2 (15.9 ᠬᠤᠪᠢ ) ᠶᠡᠭᠡ ᠨᠠᠶᠤᠳ ᠲᠥᠭᠦᠷᠢᠭ ᠢᠶᠠᠷ ᠨᠡᠮᠡᠭᠳᠡᠵᠡᠢ᠃
ᠳᠣᠲᠤᠭᠠᠳᠤ ᠶᠢᠨ ᠨᠡᠶᠢᠲᠡ ᠪᠦᠲᠦᠭᠡᠭᠳᠡᠬᠦᠨ 2020 ᠣᠨ ᠤ ᠡᠬᠢᠨ ᠤ ᠬᠠᠭᠠᠰ ᠵᠢᠯ ᠳᠤ 9 ᠬᠤᠪᠢ ᠪᠠᠷ ᠪᠠᠭᠤᠷᠠᠭᠰᠠᠨ ᠪᠣᠯ 2021 ᠣᠨ ᠤ ᠡᠬᠢᠨ ᠤ ᠬᠠᠭᠠᠰ ᠵᠢᠯ ᠳᠤ 6.3᠂ ᠡᠨᠡ ᠣᠨ ᠤ ᠡᠬᠢᠨ ᠤ ᠬᠠᠭᠠᠰ ᠵᠢᠯ ᠳᠤ 1.9 ᠬᠤᠪᠢ ᠪᠠᠷ ᠨᠡᠮᠡᠭᠳᠡᠯ᠎ᠡ᠃ 1.9 ᠬᠤᠪᠢ ᠶᠢᠨ ᠥᠰᠦᠯᠲᠡ ᠶᠢᠨ 1.8 ᠨᠢᠭᠡᠴᠢ ᠬᠤᠪᠢ ᠶᠢ ᠬᠥᠳᠡᠭᠡ ᠠᠵᠤ ᠠᠬᠤᠶ᠂ – 3.7 ᠨᠢᠭᠡᠴᠢ ᠬᠤᠪᠢ ᠶᠢ  ᠠᠭᠤᠯᠠ ᠠᠭᠤᠷᠬᠠᠢ᠂ ᠣᠯᠪᠤᠷᠢᠯᠠᠯᠲᠠ ᠶᠢᠨ᠂ – 0.1 ᠨᠢᠭᠡᠴᠢ ᠬᠤᠪᠢ ᠶᠢ ᠠᠵᠤ ᠦᠢᠯᠡᠳᠪᠦᠷᠢ᠂ ᠪᠠᠷᠢᠯᠭ᠎ᠠ ᠶᠢᠨ᠂ 2.2 ᠨᠢᠭᠡᠴᠢ ᠬᠤᠪᠢ ᠶᠢ ᠦᠢᠯᠡᠴᠢᠯᠡᠭᠡᠨ ᠤ᠂ 1.7 ᠨᠢᠭᠡᠴᠢ ᠬᠤᠪᠢ ᠶᠢ ᠪᠦᠲᠦᠭᠡᠭᠳᠡᠬᠦᠨ ᠤ ᠴᠡᠪᠡᠷ ᠲᠠᠲᠠᠪᠤᠷᠢ ᠪᠦᠷᠢᠳᠦᠭᠦᠯᠵᠡᠢ᠃

ᠰᠡᠳᠬᠢᠭᠳᠡᠯ ᠦᠯᠡᠳᠡᠭᠡᠬᠦ