ᠠᠯᠲᠠᠢ ᠶᠢᠨ ᠦᠡᠳᠦᠷ ᠠᠭᠤᠯᠠᠰ ᠥᠪ ᠢ ᠶᠤᠨᠧᠰᠺᠤ ᠳᠤ ᠪᠦᠷᠢᠳᠬᠡᠭᠦᠯᠦᠨ᠎ᠡ | News.MN

ᠠᠯᠲᠠᠢ ᠶᠢᠨ ᠦᠡᠳᠦᠷ ᠠᠭᠤᠯᠠᠰ ᠥᠪ ᠢ ᠶᠤᠨᠧᠰᠺᠤ ᠳᠤ ᠪᠦᠷᠢᠳᠬᠡᠭᠦᠯᠦᠨ᠎ᠡ

ᠪᠠᠶᠠᠨ ᠥᠯᠥᠭᠡᠶ ᠠᠶᠢᠮᠠᠭ ᠤᠨ ᠵᠠᠰᠠᠭ ᠳᠠᠷᠤᠭ᠎ᠠ ᠳ᠋᠊ ·ᠪᠠᠸᠤᠷᠵᠠᠨ ᠰᠣᠶᠤᠯ ᠤᠨ ᠶᠠᠮᠤᠨ ᠤ ᠰᠣᠶᠤᠯ ᠤᠨ ᠥᠪ ᠤᠨ ᠪᠣᠳᠣᠯᠭ᠎ᠠ ᠶᠢᠨ ᠬᠡᠷᠡᠭᠵᠢᠯᠲᠡ ᠶᠢ ᠵᠤᠬᠢᠴᠠᠭᠤᠯᠬᠤ ᠭᠠᠵᠠᠷ ᠤᠨ ᠳᠠᠷᠤᠭ᠎ᠠ ᠪ∙ᠳᠠᠸᠠᠴᠡᠷᠡᠨ ᠪᠤᠯᠦᠠ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ  ᠪᠣᠯᠪᠠᠰᠤᠷᠠᠯ᠂ ᠰᠤᠶᠦᠯ᠂ ᠰᠢᠨᠵᠢᠯᠡᠬᠦ ᠤᠬᠠᠭᠠᠨ ᠤ ᠪᠠᠶᠢᠭᠤᠯᠤᠯᠭ᠎ᠠ   ᠶᠢᠨ  ᠮᠣᠩᠭᠣᠯ ᠤᠨ ᠦᠨᠳᠦᠰᠦᠨ ᠤ ᠺᠣᠮᠢᠰ ᠤᠨ ᠶᠡᠷᠦᠩᠬᠡᠶ ᠨᠡᠷᠢᠠ ᠪᠢᠴᠢᠭ ᠤᠨ ᠳᠠᠷᠤᠭ᠎ᠠ ᠰ᠊ · ᠪᠣᠯᠤᠳᠰᠠᠶᠢᠬᠠᠨ ᠲᠡᠷᠢᠭᠦᠲᠡᠢ ᠠᠯᠪᠠᠨ ᠤ ᠬᠥᠮᠥᠰ ᠢ ᠬᠦᠯᠢᠶᠡᠨ ᠠᠪᠴᠤ ᠠᠭᠤᠯᠵᠠᠵᠤ᠂︽ᠠᠯᠲᠠᠢ ᠶᠢᠨ ᠦᠡᠳᠦᠷ ᠠᠭᠤᠯᠠᠰ︾ᠥᠪ ᠲᠤ ᠬᠢᠬᠦ ᠲᠧᠭᠨᠢᠭ ᠤᠨ ᠦᠨᠡᠯᠡᠭᠡᠨ ᠤ ᠲᠤᠬᠠᠶ ᠮᠡᠳᠡᠭᠡᠯᠡᠯ ᠰᠣᠨᠣᠰᠤᠯ᠎ᠠ᠃

ᠮᠣᠩᠭᠤᠯ ᠤᠯᠤᠰ ᠤᠨ ᠵᠠᠰᠠᠭ ᠤᠨ ᠭᠠᠵᠠᠷ ᠤᠨ 2020-2024 ᠣᠨ ᠤ ᠦᠶᠯᠡ ᠠᠵᠢᠯᠯᠠᠭᠠᠨ ᠤ ᠬᠥᠲᠥᠯᠪᠦᠷᠢ ᠶᠢ ᠬᠡᠷᠡᠭᠵᠢᠭᠦᠯᠬᠦ ᠠᠷᠭ᠎ᠠ ᠬᠡᠮᠵᠢᠶᠡᠨ ᠤ ᠲᠥᠯᠥᠪᠯᠡᠭᠡ ᠳᠤ︽ᠠᠯᠲᠠᠢ ᠶᠢᠨ ᠦᠡᠳᠦᠷ ᠠᠭᠤᠯᠠᠰ︾ᠥᠪ ᠢ  ᠶᠤᠨᠧᠰᠺᠤ ᠳᠤ  ᠳᠤ ᠪᠦᠷᠢᠳᠬᠡᠭᠦᠯᠬᠦ ᠲᠤᠬᠠᠶ ᠲᠣᠰᠣᠭᠰᠠᠨ᠃ ᠡᠭᠦᠨ ᠲᠠᠢ ᠬᠤᠯᠪᠤᠭᠳᠠᠭᠤᠯᠤᠨ︽ᠠᠯᠲᠠᠢ ᠶᠢᠨ ᠦᠡᠳᠦᠷ ᠠᠭᠤᠯᠠᠰ︾ᠥᠪ ᠤᠨ ᠪᠢᠴᠢᠭ ᠪᠠᠷᠢᠮᠲᠠ ᠨᠤᠭᠤᠳ ᠢ ᠪᠦᠷᠢᠳᠦᠭᠦᠯᠦᠨ ᠳᠡᠯᠡᠬᠡᠢ ᠶᠢᠨ ᠥᠪ ᠤᠨ ᠦᠨᠳᠦᠰᠦᠨ ᠵᠢᠭᠰᠠᠭᠠᠯᠲᠠ ᠳᠤ ᠪᠠᠶᠢᠭᠠᠯᠢ ᠶᠢᠨ ᠪᠤᠯᠦᠠ ᠰᠣᠶᠤᠯ ᠤᠨᠠᠩᠭᠢᠯᠡᠯ ᠢᠶᠠᠷ ᠪᠦᠷᠢᠳᠬᠡᠭᠦᠯᠬᠦ ᠪᠠᠷ ᠨᠡᠷ᠎ᠡ ᠳᠡᠪᠰᠢᠭᠦᠯᠵᠦ᠂ 2020 ᠣᠨ ᠤ 9 ᠳ᠋ᠦ᠋ᠭᠡᠷ ᠰᠠᠷ᠎ᠠ ᠳᠤ ᠳᠡᠯᠡᠬᠡᠢ ᠶᠢᠨ ᠥᠪ ᠤᠨ ᠲᠦᠪ ᠲᠦ ᠬᠦᠷᠭᠡᠭᠦᠯᠵᠡᠢ᠃
ᠮᠠᠲ᠋ᠧᠷᠢᠶᠠᠯ ᠤᠨ ᠪᠦᠷᠢᠳᠦᠭᠦᠯᠦᠯᠲᠡ ᠶᠢ ᠳᠡᠯᠡᠬᠡᠢ ᠶᠢᠨ ᠥᠪ ᠤᠨ ᠲᠥᠪ ᠠᠴᠠ ᠪᠦᠷᠢᠠ ᠬᠠᠩᠭᠠᠯᠲᠠ ᠲᠠᠢ ᠭᠡᠵᠦ ᠦᠵᠡᠨ ᠳᠠᠷᠠᠭ᠎ᠠ ᠶᠢᠨ ᠱᠠᠲᠤ ᠪᠤᠶᠤ ᠲᠧᠭᠨᠢᠭ ᠤᠨ ᠦᠨᠡᠯᠡᠭᠡ ᠬᠢᠬᠦ ᠱᠠᠲᠤ ᠤᠷᠤᠭᠤ ᠣᠷᠣᠭᠤᠯᠬᠤ ᠪᠠᠷ ᠰᠢᠢᠳᠪᠦᠷᠢᠯᠡᠭᠰᠡᠨ ᠪᠠᠶᠢᠨ᠎ᠡ᠃ ᠲᠤᠰᠠ ᠥᠪ ᠢ ᠬᠤᠯᠢᠮᠠᠬ ᠠᠩᠬᠢᠯᠤᠯ ᠢᠶᠠᠷ ᠨᠡᠷ᠎ᠡ ᠳᠡᠪᠰᠢᠭᠦᠯᠦᠭᠰᠡᠨ  ᠲᠤᠯᠠ  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠪᠣᠯᠪᠠᠰᠤᠷᠠᠯ᠂ ᠰᠤᠶᠦᠯ᠂ ᠰᠢᠨᠵᠢᠯᠡᠬᠦ ᠤᠬᠠᠭᠠᠨ ᠤ ᠪᠠᠶᠢᠭᠤᠯᠤᠯᠭ᠎ᠠ   ᠶᠢᠨ ᠳᠡᠷᠭᠡᠳᠡᠬᠢ ᠵᠥᠪᠯᠡᠬᠦ ᠰᠲ᠋ᠠᠲ᠋ᠦ᠋ᠰ ᠲᠠᠢ ᠬᠥᠰᠢᠶ᠎ᠡ ᠳᠤᠷᠠᠰᠬᠠᠯ᠂ ᠳᠤᠷᠠᠰᠬᠠᠯᠲᠤ ᠭᠠᠵᠠᠷ ᠤᠨ ᠣᠯᠠᠨ ᠤᠯᠤᠰ ᠤᠨ ᠵᠥᠪᠯᠡᠯ ︵ ICOMOS︶᠂ ᠪᠠᠶᠢᠭᠠᠯᠢ ᠬᠠᠮᠡᠭᠠᠯᠡᠬᠤ ᠣᠯᠠᠨ ᠤᠯᠤᠰ ᠤᠨ ᠬᠤᠯᠪᠣᠭ᠎ᠠ︵ IUCN︶ ᠡᠴᠡ ᠲᠤᠰ ᠪᠦᠷᠢ ᠨᠢᠭᠡ ᠰᠢᠨᠵᠢᠭᠡᠴᠢ ᠦᠨᠡᠯᠡᠭᠡ ᠬᠢᠬᠦ  ᠶᠤᠮ᠃

ᠰᠡᠳᠬᠢᠭᠳᠡᠯ ᠦᠯᠡᠳᠡᠭᠡᠬᠦ