ᠨᠢᠭᠡᠳᠦᠭᠰᠡᠨ ᠡᠮᠨᠡᠯᠭᠡ  ᠳᠤ ᠱᠠᠭᠠᠷᠳᠠᠯᠭ᠎ᠠ ᠲᠠᠢ ᠲᠣᠨᠤᠭ ᠲᠥᠬᠦᠭᠡᠷᠦᠮᠵᠢ ᠦᠭᠭᠦᠯ᠎ᠡ | News.MN

ᠨᠢᠭᠡᠳᠦᠭᠰᠡᠨ ᠡᠮᠨᠡᠯᠭᠡ  ᠳᠤ ᠱᠠᠭᠠᠷᠳᠠᠯᠭ᠎ᠠ ᠲᠠᠢ ᠲᠣᠨᠤᠭ ᠲᠥᠬᠦᠭᠡᠷᠦᠮᠵᠢ ᠦᠭᠭᠦᠯ᠎ᠡ

ᠤᠯᠤᠰ ᠤᠨ ᠲᠥᠰᠦᠪ ᠤᠨ ᠬᠥᠷᠥᠩᠭᠡ ᠣᠷᠤᠭᠤᠯᠤᠯᠲᠠ ᠪᠠᠷ ᠪᠠᠶᠠᠨ ᠥᠯᠥᠭᠡᠶ ᠠᠶᠢᠮᠠᠭ ᠤᠨ ᠨᠢᠭᠡᠳᠦᠭᠰᠡᠨ ᠡᠮᠨᠡᠯᠭᠡ ᠶᠢ ᠨᠡᠩ ᠱᠠᠭᠠᠷᠳᠠᠯᠭ᠎ᠠ ᠲᠠᠢ ᠪᠠᠶᠢᠭ᠎ᠠ 21 ᠲᠥᠷᠥᠯ ᠤᠨ ᠲᠣᠨᠤᠭ ᠲᠥᠬᠦᠭᠡᠷᠦᠮᠵᠢ ᠪᠠᠷ ᠬᠠᠩᠭᠠᠯ᠎ᠠ᠃ ᠲᠣᠨᠤᠭ ᠲᠥᠬᠦᠭᠡᠷᠦᠮᠵᠢ  ᠶᠢᠨ ᠪᠠᠭᠴᠠ ᠳᠤ ᠳ᠋ᠢᠵᠢᠲ᠋ᠠᠯ ᠮᠠᠮᠮᠤᠭ᠍ᠷᠠᠹ ᠤᠨ  ᠠᠫᠫᠠᠷᠠᠲ᠂ 4 D ᠡᠾᠤ᠋᠂ ᠴᠢᠬᠢ ᠬᠠᠮᠠᠷ ᠬᠤᠭᠤᠯᠠᠢ ᠶᠢᠨ ᠦᠵᠡᠯᠭᠡ ᠶᠢᠨ ᠢᠵᠢ ᠪᠦᠷᠢᠳᠦᠯ᠂ COVID ᠤᠨ ᠲᠡᠷᠡᠭᠠᠬᠢ ᠠᠭᠤᠰᠬᠢᠨ ᠤ ᠦᠶᠯᠡ ᠠᠵᠢᠯᠯᠠᠭ᠎ᠠ ᠶᠢ ᠬᠡᠮᠵᠢᠬᠦ ᠲᠥᠬᠦᠭᠡᠷᠦᠮᠵᠢ᠂ 150  ᠰᠢᠷᠬᠡᠭ ᠨᠢᠭᠡ ᠦᠢᠯᠡᠳᠦᠯ ᠲᠠᠢ ᠡᠮᠨᠡᠯᠭᠡ ᠶᠢᠨ ᠣᠷᠣ᠂ ᠬᠢᠨᠠᠯᠲᠠ ᠶᠢᠨ ᠮᠣᠨᠢᠲ᠋ᠣᠷ᠂ ᠴᠠᠬᠢᠯᠭᠠᠨ ᠵᠡᠭᠦᠦ ᠶᠢᠨ ᠠᠫᠫᠠᠷᠠᠲ ᠵᠡᠷᠭᠡ ᠪᠠᠭᠲᠠᠭᠰᠠᠨ ᠪᠠᠶᠢᠨ᠎ᠡ᠃
︽ᠠᠶᠢᠮᠠᠭ ᠤᠨ ᠨᠢᠭᠡᠳᠦᠭᠰᠡᠨ ᠡᠮᠨᠡᠯᠭᠡ ᠶᠢᠨ ᠪᠠᠷᠢᠯᠭ᠎ᠠ ᠰᠢᠨ᠎ᠡ ᠪᠠᠷ ᠪᠠᠷᠢᠭᠳᠠᠵᠤ ᠪᠠᠶᠢᠨ᠎ᠡ᠃ ᠬᠤᠶᠠᠳᠤᠭᠠᠷ ᠲᠤ ᠲᠣᠨᠤᠭ ᠲᠥᠬᠦᠭᠡᠷᠦᠮᠵᠢ ᠱᠠᠭᠠᠷᠳᠠᠯᠭ᠎ᠠ ᠲᠠᠢ᠃ ᠡᠨᠡ ᠪᠣᠯ ᠮᠠᠰᠢ ᠴᠢᠬᠤᠯᠠ ᠠᠰᠠᠭᠤᠳᠠᠯ᠃ ᠣᠷᠣᠨ ᠨᠤᠲᠤᠭ ᠤᠨ ᠤᠳᠦᠷᠢᠳᠦᠯᠭ᠎ᠠ᠂ ᠨᠢᠭᠡᠳᠦᠭᠰᠡᠨ ᠡᠮᠨᠡᠯᠭᠡ ᠶᠢᠨ ᠳᠠᠷᠤᠭ᠎ᠠ ᠨᠠᠷ  ᠤᠨ ᠭᠠᠷᠭᠠᠭᠰᠠᠨ ᠰᠠᠨᠠᠯ ᠤᠨ ᠳᠠᠭᠠᠤ ᠤᠯᠤᠰ ᠤᠨ ᠲᠥᠰᠦᠪ  ᠤᠨ 600  ᠰᠠᠶ᠎ᠠ ᠲᠥᠭᠦᠷᠢᠭ ᠢᠶᠠᠷ ᠡᠳᠡᠭᠡᠷ ᠲᠣᠨᠤᠭ ᠲᠥᠬᠦᠭᠡᠷᠦᠮᠵᠢ ᠨᠦᠭᠦᠳ ᠢ ᠨᠡᠶᠢᠯᠡᠭᠦᠯᠵᠦ ᠪᠠᠶᠢᠨ᠎ᠡ︾ ᠬᠡᠮᠡᠨ  ᠤᠯᠤᠰ ᠤᠨ ᠶᠡᠭᠡ ᠬᠤᠷᠠᠯ  ᠤᠨ ᠭᠡᠰᠢᠭᠦᠨ ᠬ᠊ · ᠪᠠᠳᠧᠯᠬᠠᠨ ᠬᠡᠯᠡᠯ᠎ᠡ᠃

ᠰᠡᠳᠬᠢᠭᠳᠡᠯ ᠦᠯᠡᠳᠡᠭᠡᠬᠦ