ᠮᠤᠲ᠋ᠤ᠋ ᠰᠫᠣᠷᠲ ᠤᠨ ᠤᠯᠤᠰ ᠤᠨ ᠠᠪᠤᠷᠭᠤ ᠶᠢᠨ ᠳᠥᠷᠪᠡᠳᠦᠭᠡᠷ ᠭᠠᠷᠤᠭ᠎ᠠ ᠳᠠᠷᠬᠠᠨ ᠬᠤᠲᠠᠨ᠎ᠠ ᠡᠨᠡ ᠰᠠᠷ᠎ᠠ ᠶᠢᠨ 20 ᠤ ᠡᠳᠦᠷ ᠠᠮᠵᠢᠯᠲᠠᠲᠠᠶ ᠵᠣᠬᠢᠶᠠᠨ ᠪᠠᠶᠢᠭᠤᠯᠤᠭᠳᠠᠵᠤ ᠥᠨᠳᠥᠷᠯᠡᠯ᠎ᠡ᠃ ᠲᠡᠮᠡᠴᠡᠭᠡᠨ ᠳᠤ ᠮᠣᠩᠭᠤᠯ ᠂ ᠤᠯᠤᠰ᠂ ᠣᠷᠣᠰ ᠤᠨ ᠪᠦᠬᠦᠳᠠ ᠨᠠᠶᠢᠷᠠᠮᠳᠠᠬᠤ ᠪᠤᠷᠢᠶᠠᠳ ᠤᠯᠤᠰ᠂ ᠪᠦᠬᠦᠳᠠ ᠨᠠᠶᠢᠷᠠᠮᠳᠠᠬᠤ ᠺᠡᠽᠡᠬᠰᠲ᠋ᠡᠠ ᠤᠯᠤᠰ ᠤᠨ 52 ᠲᠠᠮᠢᠷᠴᠢᠳ ᠣᠷᠣᠯᠴᠠᠵᠤ ᠬᠤᠷᠳᠤ ᠬᠦᠴᠦ ᠪᠠᠨ ᠰᠤᠷᠢᠪᠠ᠃
ᠡᠨᠡ ᠵᠢᠯ ᠤᠨ ᠲᠡᠮᠡᠴᠡᠭᠡᠨ ᠤ ᠨᠠᠰᠤᠨ ᠤ ᠠᠩᠭᠢᠯᠠᠯ ᠤᠨ ᠬᠠᠮᠤᠬ ᠤᠨ ᠵᠠᠯᠠᠭᠤ ᠲᠠᠮᠢᠷᠴᠢᠳ ᠪᠣᠯᠬᠤ ᠪ ∙ ᠠᠨᠠᠷ᠂ ᠪ ∙ ᠠᠨᠠᠨᠳᠠ ᠲᠠᠪᠤ᠂ ᠵᠢᠷᠭᠤᠭᠠᠨ ᠨᠠᠰᠤ ᠲᠠᠢ ᠪᠥᠭᠡᠳ ᠳᠠᠷᠬᠠᠨ ᠠᠭᠤᠯᠠ ᠠᠶᠢᠮᠠᠭ ᠠᠴᠠ ᠣᠷᠣᠯᠴᠠᠵᠠᠢ᠃ ᠮᠤᠲ᠋ᠤ᠋ ᠰᠫᠣᠷᠲ ᠤᠨ ᠳᠥᠷᠪᠡᠳᠦᠭᠡᠷ ᠭᠠᠷᠤᠭᠠᠨ ᠤ ᠮᠡᠷᠭᠡᠵᠢᠯ ᠤᠨ ᠠᠩᠭᠢᠯᠠᠯ ᠤᠨ ᠠᠪᠤᠷᠭᠤ| ᠪᠠᠷ ᠮᠣᠩᠭᠤᠯ ᠤᠯᠤᠰ ᠤᠨ ᠭᠤᠷᠪᠠᠨ ᠤᠳᠠᠭ᠎ᠠ ᠶᠢᠨ ᠠᠪᠤᠷᠭᠤ ᠫ᠊ ·ᠲᠥᠷᠥᠪᠠᠲᠤ ᠲᠡᠷᠢᠭᠦᠯᠡᠯ᠎ᠡ᠃ ᠤᠳᠠᠭᠠᠬᠢ ᠪᠠᠶᠢᠷᠢ ᠨᠤᠭᠤᠳ ᠲᠤ ᠪ᠊∙ ᠮᠡᠨᠳᠦᠪᠢᠯᠢᠭ᠂ 2017 ᠣᠨ ᠤ ᠤᠯᠤᠰ ᠤᠨ ᠠᠪᠤᠷᠭᠤ ᠪ ∙ ᠪᠠᠲᠤᠮᠥ᠋ᠩᠬᠡ ᠰᠢᠯᠭᠠᠷᠠᠵᠤ᠂ ᠲᠤᠰᠬᠠᠶ ᠪᠠᠶᠢᠷᠢ ᠳᠤ ᠣᠷᠣᠰ ᠤᠨ ᠲᠠᠮᠢᠷᠴᠢᠨ ᠠ᠊ · ᠨᠢᠺᠢᠲ᠋ᠠ ᠲᠣᠳᠣᠷᠠᠯ᠎ᠠ᠃