ᠮᠣᠩᠭᠤᠯ ᠰᠣᠯᠤᠩᠭᠤᠰ ᠤᠨ ᠰᠣᠶᠤᠯ ᠤᠨ ᠥᠪ ᠤᠨ ᠣᠯᠠᠨ ᠤᠯᠤᠰ ᠤᠨ ᠰᠢᠮᠫᠣᠽᠢᠦᠮ ᠪᠣᠯᠪᠠ | News.MN

ᠮᠣᠩᠭᠤᠯ ᠰᠣᠯᠤᠩᠭᠤᠰ ᠤᠨ ᠰᠣᠶᠤᠯ ᠤᠨ ᠥᠪ ᠤᠨ ᠣᠯᠠᠨ ᠤᠯᠤᠰ ᠤᠨ ᠰᠢᠮᠫᠣᠽᠢᠦᠮ ᠪᠣᠯᠪᠠ

ᠮᠣᠩᠭᠤᠯ ᠤᠯᠤᠰ ᠤᠨ ᠰᠢᠨᠵᠢᠯᠡᠬᠦ ᠤᠬᠠᠭᠠᠨ᠂ ᠲᠧᠭᠨᠣᠯᠣᠭᠢ ᠶᠢᠨ ᠶᠡᠭᠡ ᠰᠤᠷᠭᠠᠭᠤᠯᠢ ᠨᠢ  ᠪᠦᠬᠦᠳᠠ ᠨᠠᠶᠢᠷᠠᠮᠳᠠᠬᠤ ᠰᠣᠯᠤᠩᠭᠤᠰ ᠤᠯᠤᠰ  ᠤᠨ  ᠺᠤᠨᠵᠤ᠋ ᠶᠢᠨ ᠦᠨᠳᠦᠰᠦᠨ ᠤ ᠶᠡᠭᠡ ᠰᠤᠷᠭᠠᠭᠤᠯᠢ ᠲᠠᠢ ᠬᠠᠮᠲᠤᠷᠠᠨ  ᠪᠦᠬᠦᠳᠠ ᠨᠠᠶᠢᠷᠠᠮᠳᠠᠬᠤ ᠰᠣᠯᠤᠩᠭᠤᠰ ᠤᠯᠤᠰ  ᠤᠨ ᠵᠠᠰᠠᠭ ᠤᠨ ᠭᠠᠵᠠᠷ ᠤᠨ ᠰᠠᠩᠬᠦᠦᠵᠢᠯᠲᠡ ᠪᠠᠷ 2020 ᠣᠨ ᠠᠴᠠ ᠡᠬᠢᠯᠡᠨ ᠬᠡᠷᠡᠭᠵᠢᠵᠦ ᠪᠠᠶᠢᠭ᠎ᠠ︽ᠰᠣᠶᠤᠯ ᠤᠨ ᠥᠪ ᠤᠨ ᠬᠠᠳᠠᠭᠠᠯᠠᠯᠲᠠ᠂ ᠬᠠᠮᠠᠭᠠᠯᠠᠯᠲᠠ ᠶᠢᠨ ᠮᠡᠷᠭᠡᠵᠢᠯᠲᠡ ᠶᠢᠨ ᠴᠢᠳᠠᠪᠬᠢ ᠶᠢ ᠪᠠᠬᠢᠵᠢᠭᠦᠯᠬᠦ︾ ᠲᠥᠰᠥᠯ ᠤᠨ ᠬᠦᠷᠢᠶᠡᠨ ᠳᠤ 2022 ᠣᠨ ᠤ 08 ᠳ᠋ᠤᠭᠠᠷ ᠰᠠᠷ᠎ᠠ ᠶᠢᠨ 22 ᠤ ᠡᠳᠦᠷ ︽ᠮᠣᠩᠭᠤᠯ ᠰᠣᠯᠤᠩᠭᠤᠰ ᠤᠨ ᠰᠣᠶᠤᠯ ᠤᠨ ᠥᠪ ᠤᠨ ᠬᠠᠳᠠᠭᠠᠯᠠᠯᠲᠠ᠂ ᠬᠠᠮᠡᠭᠠᠯᠡᠯᠳᠠ︾ᠣᠯᠠᠨ ᠤᠯᠤᠰ ᠤᠨ ᠰᠢᠮᠫᠣᠽᠢᠦᠮ  ᠰᠢᠨᠵᠢᠯᠡᠬᠦ ᠤᠬᠠᠭᠠᠨ ᠲᠧᠻᠨᠣᠯᠣᠭᠢ ᠶᠢᠨ ᠶᠡᠭᠡ ᠰᠤᠷᠭᠠᠭᠤᠯᠢ ᠳᠡᠭᠡᠷ᠎ᠡ ᠵᠣᠬᠢᠶᠠᠨ ᠪᠠᠶᠢᠭᠤᠯᠤᠭᠳᠠᠯ᠎ᠠ᠃
︽ᠰᠣᠶᠤᠯ ᠤᠨ ᠥᠪ ᠤᠨ ᠬᠠᠳᠠᠭᠠᠯᠠᠯᠲᠠ᠂ ᠬᠠᠮᠠᠭᠠᠯᠠᠯᠲᠠ ᠶᠢᠨ ᠮᠡᠷᠭᠡᠵᠢᠯᠲᠡ ᠶᠢᠨ ᠴᠢᠳᠠᠪᠬᠢ ᠶᠢ ᠪᠠᠬᠢᠵᠢᠭᠦᠯᠬᠦ︾ ᠲᠥᠰᠥᠯ ᠢ  7 ᠵᠢᠯ ᠤᠨ ᠬᠤᠭᠤᠴᠠᠭᠠᠨ ᠳᠤ ᠬᠡᠷᠡᠭᠵᠢᠭᠦᠯᠬᠦ ᠪᠥᠭᠡᠳ ᠲᠥᠰᠥᠯ ᠤᠨ ᠬᠦᠷᠢᠶᠡᠨ ᠳᠤ ᠵᠣᠬᠢᠶᠠᠨ ᠪᠠᠶᠢᠭᠤᠯᠤᠭᠳᠠᠵᠤ ᠪᠠᠶᠢᠭ᠎ᠠ  ᠡᠨᠡ ᠬᠦ ᠰᠢᠮᠫᠣᠽᠢᠦᠮ ᠨᠢ ᠬᠤᠶᠠᠷ ᠣᠷᠣᠨ ᠤ ᠰᠣᠶᠤᠯ ᠤᠨ ᠥᠪ ᠤᠨ ᠴᠢᠭᠯᠡᠯ ᠤᠨ ᠮᠡᠷᠭᠡᠵᠢᠯ ᠤᠨ ᠪᠠᠶᠢᠭᠤᠯᠤᠯᠭ᠎ᠠ᠂ ᠡᠷᠳᠡᠮᠲᠡᠨ ᠰᠤᠳᠤᠯᠤᠭᠠᠴᠢᠳ ᠬᠠᠷᠢᠯᠴᠠᠨ ᠲᠤᠷᠰᠢᠯᠭ᠎ᠠ ᠰᠣᠯᠢᠯᠴᠠᠬᠤ ᠴᠢᠭᠯᠡᠯ ᠳᠤ ᠦᠷ᠎ᠡ ᠥᠭᠭᠦᠭᠡᠵᠢ ᠲᠠᠢ ᠦᠶᠯᠡ ᠠᠵᠢᠯᠯᠠᠭ᠎ᠠ ᠪᠣᠯᠪᠠ ᠭᠡᠵᠦ ᠰᠣᠶᠤᠯ ᠤᠨ ᠶᠠᠮᠤᠨ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ