︽ᠪᠠᠭᠠᠨᠠᠭᠤᠷ ᠤᠨ ᠳᠤᠯᠠᠭᠠᠨ ᠤ ᠴᠠᠬᠢᠯᠭᠠᠨ ᠰᠲ᠋ᠠᠨᠼ ᠤᠨ ᠲᠥᠰᠥᠯ ᠲᠦᠢᠯ ᠤᠨ ᠪᠦᠳᠦᠯ ᠦᠭᠡᠢ ᠪᠠᠶᠢᠨ᠎ᠡ︾ | News.MN

︽ᠪᠠᠭᠠᠨᠠᠭᠤᠷ ᠤᠨ ᠳᠤᠯᠠᠭᠠᠨ ᠤ ᠴᠠᠬᠢᠯᠭᠠᠨ ᠰᠲ᠋ᠠᠨᠼ ᠤᠨ ᠲᠥᠰᠥᠯ ᠲᠦᠢᠯ ᠤᠨ ᠪᠦᠳᠦᠯ ᠦᠭᠡᠢ ᠪᠠᠶᠢᠨ᠎ᠡ︾

ᠤᠯᠤᠰ ᠤᠨ ᠶᠡᠭᠡ ᠬᠤᠷᠠᠯ  ᠤᠨ ᠠᠶᠤᠯᠭᠦᠢ ᠪᠠᠶᠢᠳᠠᠯ᠂ ᠭᠠᠳᠠᠭᠠᠳᠤ ᠪᠣᠳᠣᠯᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠢᠶᠠᠷ ᠡᠪᠦᠯᠵᠢᠲᠡ ᠶᠢᠨ ᠪᠡᠯᠡᠦᠡᠭᠡᠯ ᠠᠵᠢᠯ ᠤᠨ ᠲᠠᠯ᠎ᠠ ᠪᠠᠷ ᠬᠢ  ᠠᠭᠤᠯᠠ ᠠᠭᠤᠷᠬᠠᠢ᠂ ᠬᠦᠨᠳᠦ ᠦᠢᠯᠡᠳᠪᠦᠷᠢ ᠶᠢᠨ ᠰᠠᠶᠢᠳ ᠪᠤᠯᠦᠠ ᠡᠷᠴᠢᠮ ᠬᠦᠴᠦᠨ ᠤ ᠰᠠᠶᠢᠳ ᠨᠠᠷ ᠤᠨ ᠮᠡᠳᠡᠭᠡᠯᠡᠯ ᠢ ᠰᠣᠨᠣᠰᠤᠯ᠎ᠠ᠃

ᠡᠨᠡ ᠦᠶ᠎ᠡ ᠪᠠᠷ ᠡᠷᠴᠢᠮ ᠬᠦᠴᠦᠨ ᠤ ᠰᠠᠶᠢᠳ ᠨ᠊ ·ᠲᠠᠪᠢᠨᠪᠡᠬᠢ᠄ ᠪᠠᠭᠠᠨᠠᠭᠤᠷ ᠤᠨ ᠳᠤᠯᠠᠭᠠᠨ ᠤ ᠴᠠᠬᠢᠯᠭᠠᠨ ᠰᠲ᠋ᠠᠨᠼ ᠤᠨ ᠲᠥᠰᠥᠯ ᠲᠦᠢᠯ ᠤᠨ ᠪᠦᠳᠦᠯ ᠦᠭᠡᠢ ᠪᠠᠶᠢᠨ᠎ᠡ᠃ ᠠᠩᠬ᠎ᠠ ᠶᠡᠭᠡ ᠰᠠᠶᠢᠨ ᠭᠡᠷ᠎ᠡ ᠬᠢᠭᠰᠡᠨ ᠶᠤᠮ ᠪᠢᠯᠡ᠃ ᠠᠵᠢᠯ ᠡᠬᠢᠯᠡᠭᠡᠳ ᠶᠠᠪᠤᠵᠤ ᠪᠠᠶᠢᠬᠤ ᠳᠤ ᠨᠢ  ᠮᠣᠩᠭᠣᠯ ᠤᠨ ᠲᠠᠯ᠎ᠠ ᠠᠴᠠ ᠲᠣᠳᠣᠷᠬᠠᠢ ᠦᠭᠡᠢ ᠰᠢᠯᠲᠠᠭᠠᠨ ᠢᠶᠠᠷ ᠵᠣᠭᠰᠤᠭᠠᠭᠰᠠᠨ᠃ 2020 ᠣᠨ ᠳᠤ ᠪᠦᠬᠦ ᠭᠡᠷ᠎ᠡ ᠶᠢ ᠬᠢᠭᠡᠳ ᠺᠣᠨ᠋ᠼᠧᠰᠰ ᠡᠵᠡᠮᠰᠢᠭᠴᠢ ᠳᠤ ᠥᠭᠭᠦᠭᠰᠡᠨ᠃ ᠺᠣᠨ᠋ᠼᠧᠰᠰ ᠡᠵᠡᠮᠰᠢᠭᠴᠢ ᠰᠠᠩᠬᠦᠦᠵᠢᠯᠲᠡ ᠪᠠᠨ ᠪᠣᠰᠬᠠᠬᠤ ᠪᠠᠷ ᠶᠠᠪᠤᠭᠰᠠᠨ᠃ ᠲᠡᠷᠡ ᠬᠤᠭᠤᠴᠠᠭᠠᠨ ᠳᠤ ᠰᠢ ᠵᠢᠨ ᠫᠢᠩ ᠳᠠᠷᠤᠭ᠎ᠠ ᠶᠢᠨ ᠦᠭᠡ ᠲᠠᠢ ᠬᠤᠯᠪᠣᠭᠠᠲᠠᠢ ᠪᠠᠷ ᠨᠡᠭᠦᠷᠡᠰᠦᠨ ᠤ ᠲᠧᠭᠨᠣᠯᠣᠭᠢ ᠪᠠᠷ ᠠᠵᠢᠯᠯᠠᠳᠠᠭ ᠡᠬᠢ ᠡᠭᠦᠰᠪᠦᠷᠢ ᠶᠢ ᠰᠠᠩᠬᠦᠦᠵᠢᠭᠦᠯᠬᠦ ᠠᠵᠢᠯ ᠢ ᠵᠣᠭᠰᠤᠭᠠᠭᠰᠠᠨ᠃ ᠭᠡᠬᠦ ᠳᠤ ᠪᠠᠨ 2022 ᠣᠨ ᠤ ᠳᠥᠷᠪᠡᠳᠦᠭᠡᠷ ᠰᠠᠷ᠎ᠠ ᠳᠤ  ᠬᠢᠲᠠᠳ  ᠤᠨ ᠬᠥᠭᠵᠢᠯ ᠰᠢᠨᠡᠳᠬᠡᠯ ᠤᠨ ᠬᠤᠷᠢᠶᠠᠨ ᠠᠴᠠ ᠲᠤᠰᠬᠠᠶ ᠭᠤᠷᠢᠮ ᠢᠶᠠᠷ ᠰᠠᠩᠬᠦᠦᠵᠢᠭᠦᠯᠬᠦ ᠲᠥᠰᠥᠯ ᠳᠤ ᠣᠷᠣᠭᠤᠯᠤᠭᠰᠠᠨ᠃ ᠲᠡᠶᠢᠮᠦ ᠠᠴᠠ ᠺᠣᠨ᠋ᠼᠧᠰᠰ ᠡᠵᠡᠮᠰᠢᠭᠴᠢ ᠬᠦᠰᠡᠯᠲᠡ ᠪᠠᠨ ᠭᠠᠷᠭᠠᠪᠠᠯ ᠰᠠᠩᠬᠦᠦᠵᠢᠯᠲᠡ ᠶᠢ ᠶᠠᠷᠢᠯᠴᠠᠬᠤ ᠪᠠᠷ ᠪᠠᠶᠢᠨ᠎ᠡ ᠭᠡᠳᠡᠭ ᠢᠶᠠᠨ ᠮᠡᠳᠡᠭᠳᠡᠭᠰᠡᠨ᠃ ᠬᠠᠷᠠᠮᠰᠠᠯ ᠲᠠᠢ ᠨᠢ ᠺᠣᠨ᠋ᠼᠧᠰᠰ ᠡᠵᠡᠮᠰᠢᠭᠴᠢ ᠬᠦᠰᠡᠯᠲᠡ ᠪᠠᠨ ᠭᠠᠷᠭᠠᠬᠤ ᠦᠭᠡᠢ ᠪᠠᠶᠢᠭᠰᠠᠭᠠᠷ ᠳᠣᠯᠣᠳᠤᠭᠠᠷ ᠰᠠᠷ᠎ᠠ ᠶᠢᠨ ᠰᠡᠭᠦᠯ ᠢᠶᠠᠷ ᠰᠠᠩᠬᠦᠦ ᠶᠢᠨ ᠬᠤᠪᠢ ᠳᠤ  ᠡᠨᠡ ᠬᠦ ᠲᠥᠰᠥᠯ ᠢ ᠴᠢᠨᠠᠭᠰᠢᠳᠠ ᠦᠷᠭᠦᠯᠵᠢᠯᠡᠭᠦᠯᠵᠦ ᠴᠢᠳᠠᠬᠤ ᠦᠭᠡᠢ ᠪᠣᠯᠣᠭᠰᠠᠨ᠃ ᠲᠡᠶᠢᠮᠦ ᠠᠴᠠ ᠬᠤᠪᠢᠴᠠᠭ᠎ᠠ ᠪᠠᠨ ᠰᠢᠯᠵᠢᠬᠦᠯᠬᠦ ᠬᠦᠰᠡᠯ ᠲᠠᠢ ᠪᠠᠶᠢᠨ᠎ᠡ ᠭᠡᠳᠡᠭ ᠠᠯᠪᠠᠨ ᠪᠢᠴᠢᠭ ᠢᠷᠡᠭᠦᠯᠦᠭᠰᠡᠨ᠃ ᠥᠭᠡᠷ᠎ᠡ ᠪᠠᠷ ᠬᠡᠯᠡᠪᠡᠯ᠂ ᠡᠨᠡ ᠲᠥᠰᠥᠯ ᠲᠣᠳᠣᠷᠬᠠᠢ ᠦᠭᠡᠢ ᠬᠤᠭᠤᠴᠠᠭ᠎ᠠ ᠪᠠᠷ  ᠭᠠᠴᠢᠯ᠎ᠠ᠃
ᠡᠨᠡ ᠪᠢᠴᠢᠭ ᠢᠷᠡᠭᠰᠡᠨ ᠲᠠᠢ ᠬᠤᠯᠪᠤᠭᠳᠠᠭᠤᠯᠤᠨ  ᠬᠢᠲᠠᠳ ᠤᠨ ᠡᠯᠴᠢᠨ ᠰᠠᠶᠢᠳ ᠲᠠᠢ ᠠᠭᠤᠯᠵᠠᠬᠤ ᠳᠤ᠄ ᠡᠨᠡ ᠴᠥᠮ᠎ᠡ ᠶᠢᠨ ᠡᠨᠧᠷᠭᠢ ᠶᠢᠨ ᠻᠣᠮᠫᠠᠨᠢ ᠡᠨᠡ ᠴᠢᠭᠯᠡᠯ ᠢᠶᠠᠷ ᠠᠵᠢᠯᠯᠠᠨ᠎ᠠ᠃ ᠡᠷᠴᠢᠮ ᠬᠦᠴᠦ᠂ ᠨᠡᠭᠦᠷᠡᠰᠦᠨ ᠤ ᠲᠧᠭᠨᠣᠯᠣᠭᠢ ᠳᠤ ᠤᠷᠦᠯᠴᠡᠬᠤ ᠪᠣᠯᠤᠮᠵᠢ ᠦᠭᠡᠶ᠃ ᠡᠨᠡ ᠻᠣᠮᠫᠠᠨᠢ ᠬᠤᠪᠢᠴᠠᠭ᠎ᠠ ᠪᠠᠨ ᠳᠣᠲᠣᠭᠠᠳᠤ ᠳᠠᠭᠠᠨ ᠰᠢᠯᠵᠢᠭᠦᠯᠦᠭᠡᠳ ᠬᠡᠪ ᠤᠨ ᠦᠷᠭᠦᠯᠵᠢᠯᠡᠭᠦᠯᠬᠦ ᠻᠣᠮᠫᠠᠨᠢ ᠣᠯᠣᠨ᠎ᠠ ᠭᠡᠳᠡᠭ ᠲᠤ ᠡᠷᠡᠭᠡᠯᠵᠡᠵᠦ ᠪᠠᠶᠢᠨ᠎ᠡ ᠭᠡᠳᠡᠭ ᠬᠠᠷᠢᠭᠤ ᠥᠭᠭᠦᠭᠰᠡᠨ᠃ ᠲᠡᠭᠡᠬᠦ ᠪᠠᠷ ᠺᠣᠨ᠋ᠼᠧᠰᠰ ᠢᠶᠠᠷ ᠪᠠᠷᠢᠭᠳᠠᠬᠤ 700 ᠮᠧᠭᠢᠸᠠᠲ  ᠤᠨ ᠬᠦᠴᠦᠨ ᠴᠢᠳᠠᠯ ᠲᠠᠢ ᠪᠠᠭᠠᠨᠠᠭᠤᠷ ᠤᠨ ᠳᠤᠯᠠᠭᠠᠨ ᠤ ᠴᠠᠬᠢᠯᠭᠠᠨ ᠰᠲ᠋ᠠᠨᠼ ᠤᠨ ᠲᠥᠰᠥᠯ ᠲᠣᠳᠣᠷᠬᠠᠢ ᠦᠭᠡᠢ ᠬᠤᠭᠤᠴᠠᠭ᠎ᠠ ᠪᠠᠷ ᠭᠠᠴᠢᠯ᠎ᠠ ᠭᠡᠪᠡ᠃

ᠰᠡᠳᠬᠢᠭᠳᠡᠯ ᠦᠯᠡᠳᠡᠭᠡᠬᠦ