ᠳᠤᠯᠠᠭᠠᠨ ᠤ ᠠᠷᠭ᠎ᠠ ᠪᠠᠷ ᠪᠣᠯᠪᠠᠰᠤᠷᠠᠭᠤᠯᠤᠭᠰᠠᠨ ᠮᠢᠬ᠎ᠠ ᠶᠢ ᠭᠠᠳᠠᠭᠠᠳᠤ ᠳᠤ ᠭᠠᠷᠭᠠᠨ᠎ᠠ | News.MN

ᠳᠤᠯᠠᠭᠠᠨ ᠤ ᠠᠷᠭ᠎ᠠ ᠪᠠᠷ ᠪᠣᠯᠪᠠᠰᠤᠷᠠᠭᠤᠯᠤᠭᠰᠠᠨ ᠮᠢᠬ᠎ᠠ ᠶᠢ ᠭᠠᠳᠠᠭᠠᠳᠤ ᠳᠤ ᠭᠠᠷᠭᠠᠨ᠎ᠠ

ᠵᠠᠰᠠᠭ ᠤᠨ ᠭᠠᠵᠠᠷ ᠤᠨ ᠡᠭᠡᠯᠵᠢᠲᠦ ᠬᠤᠷᠠᠯᠳᠤᠭᠠᠨ ᠠᠴᠠ ᠭᠠᠷᠭᠠᠭᠰᠠᠨ ᠰᠢᠢᠳᠪᠦᠷᠢ ᠶᠢᠨ ᠲᠠᠯ᠎ᠠ ᠪᠠᠷ ᠬᠦᠨᠡᠰᠦ ᠬᠦᠳᠡᠭᠡ ᠠᠵᠤ ᠠᠬᠤᠢ ᠬᠦᠩᠭᠡᠨ ᠦᠢᠯᠡᠳᠪᠤᠷᠢ ᠶᠢᠨ ᠶᠠᠮᠤᠨ ᠤ ᠰᠠᠶᠢᠳ ᠵ᠊ · ᠮᠡᠨᠳᠦᠰᠠᠢᠬᠠᠨ ᠲᠠᠨᠢᠯᠴᠠᠭᠤᠯᠤᠯ᠎ᠠ᠃ ᠲᠡᠷᠡ ᠪᠠᠷ᠄ ᠦᠡᠭᠭᠡᠷᠡᠭᠰᠡᠠ ᠵᠢᠷᠭᠤᠳᠤᠭᠠᠷ ᠰᠠᠷ᠎ᠠ ᠶᠢᠨ 8  ᠳᠦ ᠵᠠᠰᠠᠭ ᠤᠨ ᠭᠠᠵᠠᠷ ᠠᠴᠠ ᠳᠤᠯᠠᠭᠠᠨ ᠤ ᠠᠷᠭ᠎ᠠ ᠪᠠᠷ ᠮᠢᠬ᠎ᠠ ᠡᠺᠰᠫᠣᠷᠲᠯᠠᠬᠤ ᠶᠢ  ᠲᠦᠷ ᠲᠦᠳᠡᠭᠡᠯᠵᠡᠭᠦᠯᠦᠭᠰᠡᠨ᠃ ᠡᠭᠦᠨ ᠲᠠᠢ ᠬᠤᠯᠪᠣᠭᠠᠲᠠᠢ ᠪᠠᠷ ᠬᠤᠯᠪᠦᠬᠳᠡᠬᠤ ᠮᠡᠷᠭᠡᠵᠢᠯ ᠤᠨ ᠪᠠᠶᠢᠭᠤᠯᠤᠯᠭ᠎ᠠ ᠰᠢᠯᠭᠠᠯᠲᠠ ᠬᠢᠵᠦ ᠳᠠᠭᠤᠰᠤᠭᠰᠠᠨ᠃
ᠰᠢᠯᠭᠠᠯᠲᠠ ᠪᠠᠷ ᠡᠺᠰᠫᠣᠷᠲ ᠤᠨ ᠡᠷᠬᠡ ᠲᠠᠢ 11 ᠪᠠᠶᠢᠭᠤᠯᠤᠯᠭ᠎ᠠ ᠶᠢᠨ ᠳᠤᠯᠠᠭᠠᠨ ᠤ ᠠᠷᠭ᠎ᠠ ᠪᠠᠷ ᠪᠣᠯᠪᠠᠰᠤᠷᠠᠭᠤᠯᠤᠭᠰᠠᠨ 5720 ᠲᠣᠨ ᠮᠢᠬ᠎ᠠ᠂ ᠳᠣᠯᠤᠭᠠᠨ ᠠᠵᠤ ᠠᠬᠤᠢ  ᠨᠢᠭᠡᠴᠡ ᠶᠢᠨ 3817 ᠲᠣᠨ ᠠᠳᠤᠭᠤᠨ ᠤ ᠮᠢᠬ᠎ᠠ ᠶᠢ ᠡᠺᠰᠫᠣᠷᠲ ᠲᠤ ᠭᠠᠷᠭᠠᠬᠤ ᠪᠠᠷ ᠪᠣᠯᠣᠭᠰᠠᠨ᠃ ᠢᠩᠭᠢᠭᠰᠡᠨ ᠢᠶᠠᠷ ᠨᠡᠶᠢᠲᠡ 16 ᠠᠵᠤ ᠠᠬᠤᠢ  ᠨᠢᠭᠡᠴᠡ ᠶᠢᠨ 9537.6 ᠮᠢᠩᠭᠠᠨ ᠲᠣᠨ ᠮᠢᠬ᠎ᠠ ᠶᠢ ᠭᠠᠷᠭᠠᠨ᠎ᠠ᠃ ᠴᠢᠨᠠᠭᠰᠢ ᠳᠤ ᠪᠠᠨ ᠡᠺᠰᠫᠣᠷᠲ ᠲᠤ ᠶᠡᠮᠡᠷ ᠨᠢᠭᠡᠨ ᠬᠤᠷᠢᠭ ᠲᠠᠯᠪᠢᠬᠤ ᠦᠭᠡᠢ ᠭᠡᠵᠦ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ