ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠠᠽᠢᠶ᠎ᠠ᠂ ᠨᠤᠮᠦᠬᠠᠠ ᠳᠠᠯᠠᠢ ᠶᠢᠨ ᠡᠳ᠋ ᠤᠨ ᠵᠠᠰᠠᠭ᠂ ᠨᠡᠶᠢᠭᠡᠮ ᠤᠨ ᠺᠣᠮᠢᠰ ᠤᠨ ᠰᠲ᠋ᠠᠲ᠋ᠢᠰᠲ᠋ᠢᠺ ᠤᠨ ᠬᠤᠷᠢᠶᠠᠨ ᠤ ᠨᠠᠢ᠌ᠮᠠᠳᠤᠭᠠᠷ ᠬᠤᠷᠠᠯ ᠡᠨᠡ ᠰᠠᠷ᠎ᠠ ᠶᠢᠨ 23-25 ᠳᠤ ᠲᠠᠢᠯᠠᠨᠳ᠋ ᠤᠨ ᠪᠠᠩᠺᠤᠺ ᠬᠤᠲᠠ ᠳᠤ ᠦᠷᠭᠦᠯᠵᠢᠯᠡᠵᠦ ᠪᠠᠶᠢᠨ᠎ᠡ᠃ ᠦᠨᠳᠦᠰᠦᠨ ᠤ ᠰᠲ᠋ᠠᠲ᠋ᠢᠰᠲ᠋ᠢᠺ ᠤᠨ ᠬᠤᠷᠢᠶᠠᠨ ᠤ ᠳᠠᠷᠤᠭ᠎ᠠ ᠪ∙ᠪᠠᠲᠤᠳᠠᠸᠠ ᠲᠤᠰ ᠬᠤᠷᠢᠶᠠᠨ ᠤ ᠬᠤᠷᠠᠯ ᠤᠨ ᠳᠠᠷᠤᠭ᠎ᠠ ᠪᠠᠷ ᠬᠤᠶᠠᠷ ᠵᠢᠯ ᠤᠨ ᠬᠤᠭᠤᠴᠠᠭ᠎ᠠ ᠲᠠᠢ ᠰᠣᠩᠭᠤᠭᠳᠠᠵᠠᠢ᠃
ᠦᠨᠳᠦᠰᠦᠨ ᠤ ᠰᠲ᠋ᠠᠲ᠋ᠢᠰᠲ᠋ᠢᠺ ᠤᠨ ᠬᠤᠷᠢᠶ᠎ᠠ ᠨᠢ ᠴᠠᠷ᠎ᠠ ᠲᠠᠬᠤᠯ ᠤᠨ ᠦᠶ᠎ᠡ ᠳᠤ ᠮᠡᠳᠡᠭᠡᠯᠡᠯ ᠴᠤᠭᠯᠠᠭᠤᠯᠬᠤ ᠰᠢᠨᠡᠯᠢᠭ ᠠᠷᠭᠠᠴᠢᠯᠠᠯ ᠪᠤᠶᠤ CATI ᠠᠷᠭ᠎ᠠ ᠪᠠᠷ ᠮᠡᠳᠡᠭᠡᠯᠡᠯ ᠬᠡᠷᠬᠢᠨ ᠴᠤᠭᠯᠠᠭᠤᠯᠵᠤ᠂ ᠪᠣᠯᠪᠠᠰᠤᠷᠠᠭᠤᠯᠤᠭᠰᠠᠨ ᠲᠤᠷᠰᠢᠯᠭ᠎ᠠ ᠪᠠᠨ ᠪᠦᠰᠡ ᠶᠢᠨ ᠣᠷᠣᠨ ᠨᠤᠭᠤᠳ ᠲᠠᠢ ᠬᠤᠪᠢᠶᠠᠯᠴᠠᠵᠤ᠂ ᠮᠡᠳᠡᠭᠡᠯᠡᠯ ᠰᠣᠯᠢᠯᠴᠠᠬᠤ ᠶᠤᠮ᠃ ᠲᠡᠭᠦᠨᠴᠢᠯᠡᠨ︽ᠥᠭᠭᠦᠭᠳᠡᠯ ᠤᠨ ᠵᠠᠰᠠᠭᠯᠠᠯ︾ ᠢ ᠪᠠᠬᠢᠵᠢᠭᠦᠯᠬᠦ ᠴᠢᠭᠯᠡᠯ ᠢᠶᠠᠷ ᠮᠣᠩᠭᠤᠯ ᠤᠯᠤᠰ ᠲᠤ ᠬᠡᠷᠡᠭᠵᠢᠭᠦᠯᠵᠦ ᠪᠤᠶ ᠠᠵᠢᠯ ᠤᠳ ᠤᠨ ᠲᠠᠯ᠎ᠠ ᠪᠠᠷ ᠲᠠᠨᠢᠯᠴᠠᠭᠤᠯᠤᠨ᠎ᠠ᠃