ᠲᠦᠷᠦᠭ ᠤᠨ ᠦᠶ᠎ᠡ ᠶᠢᠨ ᠷᠤᠨᠢ᠂ ᠰᠣᠭᠳᠠ ᠪᠢᠴᠢᠭᠡᠰᠦᠳᠤ ᠭᠡᠷᠡᠯᠲᠦ ᠬᠥᠰᠢᠶ᠎ᠡ ᠢᠯᠡᠷᠡᠭᠦᠯᠵᠡᠢ | News.MN

ᠲᠦᠷᠦᠭ ᠤᠨ ᠦᠶ᠎ᠡ ᠶᠢᠨ ᠷᠤᠨᠢ᠂ ᠰᠣᠭᠳᠠ ᠪᠢᠴᠢᠭᠡᠰᠦᠳᠤ ᠭᠡᠷᠡᠯᠲᠦ ᠬᠥᠰᠢᠶ᠎ᠡ ᠢᠯᠡᠷᠡᠭᠦᠯᠵᠡᠢ

ᠰᠢᠨᠵᠢᠯᠡᠬᠦ ᠤᠬᠠᠭᠠᠨ ᠤ ᠠᠻᠠᠳᠧᠮᠢ  ᠶᠢᠨ ᠠᠷᠬᠧᠣᠯᠣᠭᠢ ᠶᠢᠨ ᠬᠦᠷᠢᠶᠡᠯᠡᠩ᠂ ᠣᠯᠠᠨ ᠤᠯᠤᠰ ᠤᠨ ᠲᠦᠷᠦᠭ ᠠᠺᠠᠳᠧᠮᠢ ᠶᠢᠨ ᠬᠠᠮᠲᠤᠷᠠᠭᠰᠠᠨ ᠰᠢᠨᠵᠢᠯᠡᠭᠡᠨ ᠤ ᠠᠩᠭᠢ ᠠᠷᠤᠬᠠᠩᠭᠠᠢ ᠠᠶᠢᠮᠠᠭ ᠤᠨ ᠬᠠᠰᠢᠶᠠᠲᠤ ᠰᠤᠮᠤ ᠶᠢᠨ ᠨᠤᠲᠤᠭ ᠲᠤ ᠣᠷᠤᠰᠢᠬᠤ ᠨᠣᠮᠣᠭᠤᠨ ᠤ ᠳᠤᠷᠠᠰᠬᠠᠯᠲᠤ ᠭᠠᠵᠠᠷ ᠲᠤ ᠮᠠᠯᠲᠠᠯᠭ᠎ᠠ ᠰᠤᠳᠤᠯᠭ᠎ᠠ ᠬᠢᠭᠰᠡᠨ ᠡᠷᠲᠡᠨ ᠤ ᠲᠦᠷᠦᠭ ᠤᠨ ᠦᠶ᠎ᠡ ᠶᠢᠨ ᠲᠠᠬᠢᠯ ᠤᠨ ᠴᠣᠭᠴᠠᠯᠠᠪᠤᠷᠢ ᠠᠴᠠ ᠷᠤᠨᠢ ᠪᠤᠯᠦᠠ ᠰᠣᠭᠳᠠ ᠪᠢᠴᠢᠭᠡᠰᠦᠳᠤ ᠭᠡᠷᠡᠯᠲᠦ ᠬᠥᠰᠢᠶᠡᠨ ᠤ ᠬᠡᠰᠡᠭ ᠢ ᠢᠯᠡᠷᠡᠭᠦᠯᠵᠡᠢ᠃
ᠡᠨᠡ ᠬᠦ ᠣᠯᠳᠠᠪᠤᠷᠢ ᠨᠢ ᠭᠡᠷᠡᠯᠲᠦ ᠬᠥᠰᠢᠶᠡᠨ ᠤ ᠣᠷᠣᠢ ᠶᠢᠨ ᠬᠡᠰᠡᠭ ᠪᠥᠭᠡᠳ ᠲᠡᠭᠡᠳᠦ ᠬᠡᠰᠡᠭ ᠲᠤ ᠬᠤᠣᠰ ᠴᠢᠨ᠋ᠸ᠎ᠠ ᠶᠢᠨ ᠳᠦᠷᠰᠦᠯᠡᠯ ᠲᠠᠢ᠂ ᠬᠥᠰᠢᠶᠡᠨ ᠤ  ᠡᠬᠡ ᠪᠡᠶ᠎ᠡ ᠶᠢᠨ ᠬᠡᠰᠡᠭ ᠲᠤ ᠣᠳᠤ ᠪᠠᠷ 12 ᠮᠥᠷ ᠪᠢᠴᠢᠭᠡᠰᠦ ᠬᠠᠳᠠᠭᠠᠯᠠᠭᠳᠠᠨ ᠦᠯᠡᠳᠡᠭᠰᠡᠨ ᠨᠢ ᠲᠣᠭᠲᠠᠭᠠᠭᠳᠠᠵᠠᠢ᠃  ᠤᠭ ᠬᠥᠰᠢᠶᠡᠨ ᠤ ᠪᠢᠴᠢᠭᠡᠰᠦ ᠶᠢ ᠲᠠᠶᠢᠯᠵᠤ ᠤᠩᠰᠢᠬᠤ ᠰᠤᠳᠤᠯᠭ᠎ᠠ ᠪᠤᠯᠦᠠ ᠲᠠᠬᠢᠯ ᠤᠨ ᠴᠣᠭᠴᠠᠯᠠᠪᠤᠷᠢ ᠶᠢᠨ ᠠᠷᠬᠧᠣᠯᠣᠭᠢ ᠶᠢᠨ ᠮᠠᠯᠲᠠᠯᠭ᠎ᠠ ᠰᠤᠳᠤᠯᠭᠠᠨ ᠤ ᠠᠵᠢᠯ ᠢ ᠬᠠᠮᠲᠤᠷᠠᠭᠰᠠᠨ ᠲᠥᠰᠥᠯ ᠤᠨ ᠰᠤᠳᠤᠯᠤᠭᠠᠴᠢᠳ ᠦᠷᠭᠦᠯᠵᠢᠯᠡᠭᠦᠯᠦᠨ ᠬᠢᠵᠦ ᠤᠳᠠᠬᠤ ᠦᠭᠡᠢ ᠦᠷ᠎ᠡ ᠳ᠋ᠦᠩ ᠢ ᠨᠡᠶᠢᠲᠡ ᠳᠤ ᠵᠠᠷᠯᠠᠬᠤ ᠪᠠᠷ ᠲᠥᠯᠥᠪᠯᠡᠵᠦ ᠪᠠᠶᠢᠨ᠎ᠡ᠃

ᠰᠡᠳᠬᠢᠭᠳᠡᠯ ᠦᠯᠡᠳᠡᠭᠡᠬᠦ