ᠠᠬᠠᠮᠠᠳ ᠤᠳ ᠴᠢᠩᠭᠢᠰ ᠬᠠᠭᠠᠨ ᠤ ᠡᠰᠢ ᠬᠥᠷᠦᠭ ᠢ ᠬᠦᠨᠳᠦᠳᠬᠡᠨ ᠵᠠᠯᠠᠯ᠎ᠠ | News.MN

ᠠᠬᠠᠮᠠᠳ ᠤᠳ ᠴᠢᠩᠭᠢᠰ ᠬᠠᠭᠠᠨ ᠤ ᠡᠰᠢ ᠬᠥᠷᠦᠭ ᠢ ᠬᠦᠨᠳᠦᠳᠬᠡᠨ ᠵᠠᠯᠠᠯ᠎ᠠ

ᠮᠣᠩᠭᠤᠯ ᠤᠯᠤᠰ ᠤᠨ ᠶᠡᠷᠦᠩᠬᠡᠶᠢᠯᠡᠭᠴᠢ ᠶᠢᠨ ᠵᠠᠷᠯᠢᠭ ᠤᠨ ᠳᠠᠭᠠᠤ ᠳᠠᠷᠬᠠᠠᠠᠠᠭᠤᠯᠠ ᠠᠶᠢᠮᠠᠭ ᠤᠨ︽ᠠᠬᠠᠮᠠᠳ ᠤᠨ ᠬᠥᠭᠵᠢᠯ ᠤᠨ ᠲᠥᠪ︾  ᠤᠨ ᠨᠣᠮ ᠤᠩᠰᠢᠯᠭ᠎ᠠ ᠶᠢᠨ ᠲᠠᠩᠬᠢᠮ ᠳᠠᠬᠢ ᠬᠦᠨᠳᠦᠳᠬᠡᠯ ᠤᠨ ᠬᠤᠶᠢᠮᠤᠷ ᠲᠤ ᠡᠵᠡᠨ ᠪᠤᠬᠳᠠ ᠴᠢᠩᠭᠢᠰ ᠬᠠᠭᠠᠨ ᠤ ᠡᠰᠢ ᠬᠥᠷᠥᠭ ᠪᠤᠯᠦᠠ︽ ᠮᠣᠩᠭᠣᠯ ᠤᠨ ᠨᠢᠭᠤᠴᠠ ᠲᠤᠪᠴᠢᠶᠠᠨ︾ ᠢ ᠬᠦᠨᠳᠦᠳᠬᠡᠨ ᠵᠠᠯᠠᠬᠤ ᠠᠷᠭ᠎ᠠ ᠭᠡᠮᠵᠢᠶ᠎ᠠ ᠪᠣᠯᠣᠯ᠎ᠠ᠃

ᠠᠶᠢᠮᠠᠭ ᠤᠨ  ᠢᠷᠭᠡᠳ ᠤᠨ ᠲᠥᠯᠥᠭᠡᠯᠡᠭᠴᠢᠳ ᠤᠨ ᠬᠤᠷᠠᠯ ᠤᠨ ᠢᠷᠭᠡᠨ ᠤ ᠲᠠᠩᠬᠢᠮ ᠤᠨ ᠳᠠᠷᠤᠭ᠎ᠠ ᠳ᠋᠊ ·ᠭᠠᠩᠲᠤᠯᠭ᠎ᠠ ᠶᠡᠷᠦᠩᠬᠡᠶᠢᠯᠡᠭᠴᠢ ᠶᠢᠨ ᠵᠠᠷᠯᠢᠭ ᠢ ᠰᠤᠨᠤᠷᠲᠠᠭᠤᠯᠪᠠ᠃ ᠮᠦᠠ ᠳᠠᠷᠬᠠᠠᠠᠠᠭᠤᠯᠠ ᠠᠶᠢᠮᠠᠭ ᠤᠨ ᠮᠦᠽᠧᠢ ᠶᠢᠨ ᠵᠠᠬᠢᠷᠤᠯ᠂ ᠳᠠᠷᠬᠠᠨ ᠨᠤᠳᠤᠬ ᠰᠤᠳᠤᠯᠤᠭᠠᠴᠢ ᠳ᠋᠊ · ᠵᠠᠮᠪᠠᠯᠳᠣᠷᠵᠢ︽ᠮᠣᠩᠭᠣᠯ ᠤᠨ ᠨᠢᠭᠤᠴᠠ ᠲᠣᠪᠴᠢᠶᠠᠨ︾ ᠤ  ᠲᠠᠯ᠎ᠠ ᠪᠠᠷ ᠲᠣᠪᠴᠢ ᠥᠭᠦᠯᠡᠵᠦ᠂ ᠲᠡᠦᠬᠡᠨ ᠪᠢᠴᠢᠪᠦᠷᠢ  ᠳᠤ ᠲᠡᠮᠳᠡᠭᠯᠡᠭᠳᠡᠨ ᠦᠯᠡᠳᠡᠭᠰᠡᠨ ᠣᠷᠣᠨ ᠨᠤᠲᠤᠭ ᠤᠨ ᠣᠨᠴᠠᠯᠢᠭ ᠲᠤᠰᠬᠠᠯ ᠤᠨ ᠲᠠᠯ᠎ᠠ ᠪᠠᠷ ᠮᠡᠳᠡᠭᠡᠯᠡᠯ ᠬᠢᠯ᠎ᠡ᠃ ᠮᠥᠩᠬᠡᠳᠡ ᠡᠷᠬᠢᠮᠯᠡᠨ ᠳᠡᠭᠡᠳᠦᠯᠡᠬᠦ ᠲᠡᠦᠬᠡ ᠰᠤᠶᠦᠯ᠂ ᠲᠡᠦᠬᠡᠨ ᠦᠢᠯᠡ ᠬᠡᠷᠡᠭ᠂ ᠲᠥᠷᠥᠲᠦ ᠶᠣᠰᠣᠨ ᠤ ᠦᠨᠡᠲᠦ ᠥᠪ ᠢ ᠪᠠᠬᠢᠵᠢᠭᠦᠯᠬᠦ᠂ ᠲᠦᠭᠡᠭᠡᠨ ᠳᠡᠯᠭᠡᠷᠡᠭᠦᠯᠬᠦ ᠨᠢ ᠮᠣᠩᠭᠤᠯ ᠬᠥᠮᠦᠨ ᠪᠦᠷᠢ ᠶᠢᠨ ᠪᠠᠭ᠋ᠠᠷᠬᠠᠯ ᠲᠤ ᠦᠶᠯᠡ ᠬᠡᠷᠡᠭ ᠪᠣᠯᠬᠤ ᠶᠢ ᠣᠷᠤᠯᠴᠠᠭᠴᠢᠳ ᠣᠨᠴᠠᠯᠠᠵᠤ ᠪᠠᠶᠢᠯ᠎ᠠ᠃

ᠰᠡᠳᠬᠢᠭᠳᠡᠯ ᠦᠯᠡᠳᠡᠭᠡᠬᠦ