︽ᠤᠷᠭᠤᠴᠠ ᠶᠢᠨ ᠪᠡᠶᠡᠷ - 2022︾ᠦᠶᠯᠡ ᠠᠵᠢᠯᠯᠠᠭ᠎ᠠ ᠪᠢᠭᠡᠷ ᠰᠤᠮᠤᠨ ᠳᠤ ᠪᠣᠯᠣᠯ᠎ᠠ | News.MN

︽ᠤᠷᠭᠤᠴᠠ ᠶᠢᠨ ᠪᠡᠶᠡᠷ – 2022︾ᠦᠶᠯᠡ ᠠᠵᠢᠯᠯᠠᠭ᠎ᠠ ᠪᠢᠭᠡᠷ ᠰᠤᠮᠤᠨ ᠳᠤ ᠪᠣᠯᠣᠯ᠎ᠠ

ᠭᠤᠪᠢ ᠠᠯᠲᠠᠢ  ᠲᠤ︽ᠤᠷᠭᠤᠴᠠ ᠶᠢᠨ ᠪᠡᠶᠡᠷ – 2022︾ ᠦᠶᠯᠡ ᠠᠵᠢᠯᠯᠠᠭ᠎ᠠ ᠪᠢᠭᠡᠷ ᠰᠤᠮᠤᠨ ᠳᠤ ᠨᠠᠢᠮᠠᠳᠤᠭᠠᠷ ᠰᠠᠷ᠎ᠠ ᠶᠢᠨ 25  ᠳᠤ ᠪᠤᠯᠵᠤ᠂ ᠠᠶᠢᠮᠠᠭ ᠤᠨ ᠵᠠᠰᠠᠭ ᠳᠠᠷᠤᠭ᠎ᠠ ᠣ᠊ · ᠠᠮᠤᠭᠤᠯᠠᠩᠪᠠᠭᠠᠲᠤᠷ ᠤᠨ ︽2020-2024 ᠣᠨ ᠤ ᠦᠶᠯᠡ ᠠᠵᠢᠯᠯᠠᠭᠠᠨ ᠤ ᠬᠥᠲᠥᠯᠪᠦᠷᠢ︾ ᠳᠦ ᠲᠤᠰᠬᠠᠭᠳᠠᠭᠰᠠᠨ ᠲᠡᠷᠢᠭᠦᠯᠡᠬᠦ 4 ᠲᠥᠰᠥᠯ᠂ ᠠᠷᠭ᠎ᠠ ᠬᠡᠮᠵᠢᠶ᠎ᠡ ᠶᠢ ᠢᠷᠭᠡᠳ᠂ ᠣᠯᠠᠨ ᠨᠡᠶᠢᠲᠡ ᠳᠤ ᠰᠤᠷᠲᠠᠯᠴᠢᠯᠠᠨ ᠲᠠᠨᠢᠭᠤᠯᠬᠤ᠂ ᠰᠤᠮᠤᠳ ᠤᠨ ᠲᠠᠷᠢᠶᠠᠯᠠᠩᠴᠢᠳ᠂ ᠬᠥᠳᠡᠭᠡ ᠠᠵᠤ ᠠᠬᠤᠢ ᠶᠢᠨ ᠬᠤᠳᠠᠯᠳᠤᠭ᠎ᠠ ᠡᠷᠬᠢᠯᠡᠭᠴᠢᠳ ᠤᠨ ᠵᠢᠮᠢᠰ᠂ ᠬᠦᠨᠡᠰᠦᠨ ᠤ ᠨᠤᠭᠤᠭ᠎ᠠ᠂ ᠰᠦ᠂ ᠴᠡᠭᠠᠠ ᠢᠳᠡᠭᠡ᠂ ᠭᠠᠷ ᠤᠷᠠᠯᠠᠯ ᠤᠨ ᠪᠦᠲᠦᠭᠡᠭᠳᠡᠬᠦᠨ ᠤ ᠦᠵᠡᠰᠬᠦᠯᠡᠩ ᠬᠤᠳᠠᠯᠳᠤᠭ᠎ᠠ ᠶᠢ ᠵᠣᠬᠢᠶᠠᠨ ᠪᠠᠶᠢᠭᠤᠯᠤᠭᠰᠠᠨ ᠶᠤᠮ᠃
ᠮᠦᠠ ᠦᠶ᠎ᠡ ᠪᠠᠷ︽ᠰᠤᠮᠤᠳ ᠤᠨ ᠰᠢᠨᠡᠴᠢᠯᠡᠯ ᠬᠥᠳᠡᠭᠡ ᠶᠢᠨ ᠬᠥᠭᠵᠢᠯ︾ᠲᠥᠰᠥᠯ ᠤᠨ ᠬᠦᠷᠢᠶᠡᠨ ᠳᠤ ᠬᠢᠵᠦ ᠪᠠᠶᠢᠭ᠎ᠠ ᠴᠡᠪᠡᠷᠯᠡᠬᠦ ᠪᠠᠶᠢᠭᠤᠯᠤᠮᠵᠢ᠂ 120 ᠠᠶᠢᠯ ᠤᠨ ᠣᠷᠣᠨ ᠰᠠᠭᠤᠴᠠ ᠶᠢᠨ ᠠᠵᠢᠯ ᠤᠨ ᠶᠠᠪᠤᠴᠠ᠂ ᠮᠣᠳᠤ ᠦᠷᠡᠵᠢᠭᠦᠯᠭᠡ ᠶᠢᠨ ᠲᠠᠯᠠᠪᠠᠢ ᠶᠢ ᠨᠡᠶᠢᠲᠡ ᠵᠣᠴᠢᠳ ᠲᠥᠯᠥᠭᠡᠯᠡᠭᠴᠢᠳ ᠲᠤ ᠲᠡᠨᠢᠯᠴᠡᠭᠤᠯᠪᠠ᠃ ᠡᠨᠡ ᠬᠦ ᠦᠶᠯᠡ ᠠᠵᠢᠯᠯᠠᠭᠠᠨ ᠳᠤ ᠲᠤᠰ ᠠᠶᠢᠮᠠᠭ ᠤᠨ 18 ᠰᠤᠮᠤ᠂ 2 ᠲᠣᠰᠬᠤᠨ ᠤ ᠤᠳᠤᠷᠢᠳᠤᠯᠭ᠎ᠠ ᠨᠠᠷ᠂ ᠲᠥᠷᠦ ᠶᠢᠨ ᠠᠯᠪᠠᠨ ᠬᠠᠭᠠᠭᠴᠢᠳ᠂ ᠢᠷᠭᠡᠳ ᠬᠥᠳᠡᠯᠮᠦᠷᠢᠴᠢᠳ ᠤᠨ ᠲᠥᠯᠦᠭᠡᠯᠡᠯ᠂ ᠬᠥᠳᠡᠭᠡ ᠠᠵᠤ ᠠᠬᠤᠢ ᠶᠢᠨ ᠡᠷᠳᠡᠮᠲᠡᠨ ᠳ᠋ᠣᠺᠲ᠋ᠣᠷ᠂  ᠮᠡᠷᠭᠡᠵᠢᠯᠲᠡᠳ ᠭᠡᠳ 1000 ᠣᠷᠴᠢᠮ ᠲᠥᠯᠦᠭᠡᠯᠡᠭᠴᠢ ᠣᠷᠣᠯᠴᠠᠭᠰᠠᠨ ᠲᠤᠬᠠᠶ ᠠᠶᠢᠮᠠᠭ ᠤᠨ  ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ