ᠥᠨᠥᠳᠥᠷ ᠤᠨ ᠵᠠᠰᠠᠭ ᠤᠨ ᠭᠠᠵᠠᠷ ᠤᠨ ᠬᠤᠷᠠᠯᠳᠤᠭᠠᠨ ᠤ ᠳᠠᠷᠠᠭ᠎ᠠ ᠶᠡᠷᠦᠩᠬᠡᠶ ᠰᠠᠶᠢᠳ ᠯ᠊ · ᠤᠶᠤᠡᠡᠷᠳᠡᠨᠢ ᠣᠷᠣᠰ ᠤᠨ ᠳᠣᠷᠣᠨ᠎ᠠ ᠶᠢᠨ ᠴᠢᠭᠤᠯᠭ᠎ᠠ ᠠᠭᠤᠯᠵᠠᠯᠲᠠ ᠳᠤ ᠣᠷᠣᠯᠴᠠᠬᠤ ᠪᠠᠷ ᠪᠣᠯᠣᠭᠰᠠᠨ ᠲᠠᠯ᠎ᠠ ᠪᠠᠷ ᠮᠡᠳᠡᠭᠡᠯᠡᠯ᠎ᠡ᠃
ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ᠄ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠬᠤᠶᠠᠷ ᠠᠰᠠᠭᠤᠳᠠᠯ ᠢ ᠬᠡᠯᠡᠯᠴᠡᠯ᠎ᠡ᠃ ᠶᠡᠷᠦᠩᠬᠡᠶᠢᠯᠡᠭᠴᠢ ᠤ᠊ · ᠬᠦᠷᠡᠯᠰᠦ᠋ᠬᠡ ᠶᠢᠰᠦᠳᠦᠭᠡᠷ ᠰᠠᠷ᠎ᠠ ᠶᠢᠨ 20-26 ᠳᠦ ᠠᠮᠧᠷᠢᠺᠠ ᠶᠢᠨ ᠨᠢᠭᠡᠳᠦᠭᠰᠡᠨ ᠤᠯᠤᠰ ᠤᠨ ᠨᠢᠦ᠋ ᠶᠤᠷᠺ ᠬᠤᠲᠠᠨ᠎ᠠ ᠪᠣᠯᠬᠤ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠶᠡᠷᠦᠩᠬᠡᠶ ᠠᠰᠰᠡᠮᠪᠯᠸᠢ ᠶᠢᠨ ᠴᠢᠭᠤᠯᠭ᠎ᠠ ᠠᠭᠤᠯᠵᠠᠯᠲᠠ ᠳᠤ ᠣᠷᠣᠯᠴᠠᠬᠤ ᠪᠠᠷ ᠪᠣᠯᠣᠭᠰᠠᠨ᠃
ᠬᠤᠶᠠᠳᠤᠭᠠᠷ ᠲᠤ ᠣᠷᠣᠰ ᠲᠤ ᠪᠣᠯᠬᠤ ᠳᠣᠷᠣᠨ᠎ᠠ ᠶᠢᠨ ᠡᠳ᠋ ᠤᠨ ᠵᠠᠰᠠᠭ ᠤᠨ ᠴᠢᠭᠤᠯᠭ᠎ᠠ ᠠᠭᠤᠯᠵᠠᠯᠲᠠ ᠳᠤ ᠶᠡᠷᠦᠩᠬᠡᠶ ᠰᠠᠶᠢᠳ ᠯ᠊·ᠤᠶᠤᠡᠡᠷᠳᠡᠨᠢ ᠣᠷᠣᠯᠴᠠᠨ᠎ᠠ᠃ ᠡᠳ᠋ ᠤᠨ ᠵᠠᠰᠠᠭ ᠤᠨ ᠴᠢᠭᠤᠯᠭ᠎ᠠ ᠠᠭᠤᠯᠵᠠᠯᠲᠠ ᠳᠤ ᠡᠭ ᠤᠨ ᠭᠤᠣᠯ ᠤᠨ ᠤᠰᠤᠨ ᠴᠠᠬᠢᠯᠭᠠᠨ ᠰᠲ᠋ᠠᠨᠼ᠂ ᠲᠡᠮᠦᠷ ᠵᠠᠮ ᠤᠨ ᠠᠰᠠᠭᠤᠳᠠᠯ᠂ ᠡᠷᠴᠢᠮ ᠬᠦᠴᠦ ᠨᠡᠶᠢᠯᠡᠭᠦᠯᠦᠯᠲᠡ᠂ ᠰᠢᠲᠠᠬᠤᠨ ᠤ ᠲᠣᠭᠲᠠᠪᠤᠷᠢᠲᠠᠶ ᠬᠠᠩᠭᠠᠮᠵᠢ᠂ ᠦᠨ᠎ᠡ ᠶᠢᠨ ᠲᠠᠯ᠎ᠠ ᠪᠠᠷ ᠣᠷᠣᠰ ᠤᠨ ᠶᠡᠷᠦᠩᠬᠡᠶᠢᠯᠡᠭᠴᠢ ᠸ᠊·ᠫᠦᠲ᠋ᠢᠨ ᠲᠡᠷᠢᠭᠦᠲᠡᠢ ᠵᠠᠰᠠᠭ ᠤᠨ ᠭᠠᠵᠠᠷ ᠤᠨ ᠭᠡᠰᠢᠭᠦᠳ᠂ ᠲᠥᠷᠦ ᠶᠢᠨ ᠥᠮᠴᠢᠲᠦ ᠺᠣᠮᠫᠠᠨᠢ ᠨᠤᠭᠤᠳ ᠤᠨ ᠤᠳᠤᠷᠢᠳᠤᠯᠭ᠎ᠠ ᠨᠠᠷ ᠲᠠᠢ ᠠᠭᠤᠯᠵᠠᠨ᠎ᠠ ᠭᠡᠯᠡ᠃