ᠬᠥᠮᠦᠨ ᠠᠮᠠ ᠶᠢᠨ 96.4 ᠬᠤᠪᠢ ᠨᠢ ᠠᠶᠢᠮᠠᠭ ᠲᠠᠭᠠᠨ ᠠᠮᠢᠳᠤᠷᠠᠵᠤ ᠪᠠᠶᠢᠨ᠎ᠡ | News.MN

ᠬᠥᠮᠦᠨ ᠠᠮᠠ ᠶᠢᠨ 96.4 ᠬᠤᠪᠢ ᠨᠢ ᠠᠶᠢᠮᠠᠭ ᠲᠠᠭᠠᠨ ᠠᠮᠢᠳᠤᠷᠠᠵᠤ ᠪᠠᠶᠢᠨ᠎ᠡ

ᠵᠠᠪᠬᠠᠨ ᠠᠶᠢᠮᠠᠭ ᠲᠤ ᠰᠢᠯᠵᠢᠨ ᠢᠷᠡᠭᠰᠡᠳ ᠤᠨ 49.8 ᠬᠤᠪᠢ ᠨᠢ ᠡᠷᠡᠭᠲᠡᠶᠢᠴᠦᠳ ᠪᠠᠶᠢᠭ᠎ᠠ ᠶᠤᠮ ᠪᠠᠶᠢᠨ᠎ᠡ᠃ ᠰᠲ᠋ᠠᠲ᠋ᠢᠰᠲ᠋ᠢᠺ ᠤᠨ ᠭᠠᠵᠠᠷ ᠠᠴᠠ ᠣᠯᠠᠨ ᠲᠠᠯ᠎ᠠ ᠶᠢᠨ ᠦᠵᠡᠭᠦᠯᠦᠯᠲᠡ ᠪᠠᠷ ᠰᠣᠨᠢᠷᠬᠠᠯᠲᠠᠢ ᠰᠤᠳᠤᠯᠭ᠎ᠠ ᠬᠢᠳᠡᠭ ᠪᠥᠭᠡᠳ ᠡᠨᠡ ᠤᠳᠠᠭ᠎ᠠ ᠳᠤ ᠰᠢᠯᠵᠢᠨ ᠢᠷᠡᠭᠰᠡᠳ᠂ ᠰᠢᠯᠵᠢᠨ ᠰᠠᠭᠤᠷᠢᠰᠢᠭᠴᠢᠳ ᠤᠨ ᠰᠤᠳᠤᠯᠭ᠎ᠠ ᠶᠢ ᠬᠢᠵᠡᠢ᠃ ᠡᠶᠢᠮᠦ ᠲᠥᠷᠥᠯ ᠤᠨ ᠨᠠᠷᠢᠪᠴᠢᠯᠠᠭᠰᠠᠨ ᠰᠤᠳᠤᠯᠭ᠎ᠠ ᠶᠢ ᠲᠠᠪᠤᠨ ᠵᠢᠯ ᠳᠤ ᠨᠢᠭᠡ ᠤᠳᠠᠭ᠎ᠠ ᠬᠢᠳᠡᠭ ᠪᠠᠶᠢᠨ᠎ᠡ᠃

ᠤᠯᠠᠭᠠᠨᠪᠠᠭᠠᠲᠤᠷ ᠬᠤᠲᠠ ᠠᠴᠠ ᠰᠢᠯᠵᠢᠨ ᠢᠷᠡᠭᠴᠢᠳ 2010 ᠣᠨ ᠤ ᠲᠣᠭᠠᠯᠠᠯᠭ᠎ᠠ ᠶᠢᠨ ᠳ᠋ᠦᠩ ᠢᠶᠠᠷ 49.1 ᠬᠤᠪᠢ ᠶᠢ ᠡᠵᠡᠯᠡᠵᠦ ᠪᠠᠶᠢᠭᠰᠠᠨ ᠪᠣᠯ 2020 ᠣᠨ ᠤ ᠲᠣᠭᠠᠯᠠᠯᠭ᠎ᠠ ᠪᠠᠷ 21.8ᠨᠢᠭᠡᠴᠡ ᠪᠡᠷ ᠪᠠᠭᠤᠷᠠᠭᠰᠠᠨ ᠪᠠᠶᠢᠨ᠎ᠡ᠃ ᠤᠯᠠᠭᠠᠨᠪᠠᠭᠠᠲᠤᠷ ᠬᠤᠲᠠ ᠶᠢᠨ ᠳᠠᠷᠠᠭ᠎ᠠ ᠪᠠᠷᠠᠭᠤᠨ ᠪᠦᠰᠡ ᠨᠤᠲᠤᠭ ᠤᠨ ᠠᠶᠢᠮᠠᠭ ᠤᠳ ᠪᠣᠯᠬᠤ ᠭᠤᠪᠢ ᠠᠯᠲᠠᠢ ᠠᠶᠢᠮᠠᠭ ᠠᠴᠠ ᠰᠢᠯᠵᠢᠨ ᠢᠷᠡᠭᠰᠡᠳ 16.1 ᠬᠤᠪᠢ ᠶᠢ᠂ ᠤᠪᠰᠤ ᠠᠶᠢᠮᠠᠭ ᠠᠴᠠ ᠰᠢᠯᠵᠢᠨ ᠢᠷᠡᠭᠰᠡᠳ 11.5 ᠬᠤᠪᠢ ᠶᠢ ᠡᠵᠡᠯᠡᠵᠦ ᠪᠠᠶᠢᠭ᠎ᠠ ᠨᠢ ᠪᠤᠰᠤᠳ ᠠᠶᠢᠮᠠᠭ ᠠᠴᠠ ᠦᠡᠳᠦᠷ ᠪᠠᠶᠢᠨ᠎ᠡ᠃ ᠲᠡᠭᠦᠨᠴᠢᠯᠡᠨ ᠵᠠᠪᠬᠠᠨ ᠠᠶᠢᠮᠠᠭ ᠤᠨ ᠨᠡᠶᠢᠲᠡ ᠢᠷᠭᠡᠳ ᠤᠨ 96.4 ᠬᠤᠪᠢ ᠨᠢ ᠲᠦᠷᠦᠭᠰᠡᠨ ᠡᠴᠡ ᠪᠠᠨ ᠬᠤᠶᠢᠰᠢ  ᠡᠨᠳᠡ ᠪᠡᠨ ᠪᠠᠶᠢᠩᠭᠤ ᠣᠷᠣᠰᠢᠨ ᠰᠠᠭᠤᠵᠤ ᠪᠠᠶᠢᠨ᠎ᠡ᠃

 

ᠰᠡᠳᠬᠢᠭᠳᠡᠯ ᠦᠯᠡᠳᠡᠭᠡᠬᠦ