《ᠭᠣᠪᠢ ᠶᠢᠨ ᠴᠢᠨᠣ᠎ᠠ》ᠡᠳᠦᠷᠯᠢᠭ ᠢᠶᠡᠷ ᠮᠣᠩᠭᠣᠯ ᠰᠤᠶᠤᠯ ᠤᠯᠠᠮᠵᠢᠯᠠᠯ ᠢ ᠰᠤᠷᠲᠠᠯᠴᠢᠯᠠᠪᠠ | News.MN

《ᠭᠣᠪᠢ ᠶᠢᠨ ᠴᠢᠨᠣ᠎ᠠ》ᠡᠳᠦᠷᠯᠢᠭ ᠢᠶᠡᠷ ᠮᠣᠩᠭᠣᠯ ᠰᠤᠶᠤᠯ ᠤᠯᠠᠮᠵᠢᠯᠠᠯ ᠢ ᠰᠤᠷᠲᠠᠯᠴᠢᠯᠠᠪᠠ

ᠪᠠᠶᠠᠨᠬᠣᠩᠭᠣᠷ ᠠᠶᠢᠮᠠᠭ ᠲᠤ ᠵᠣᠬᠢᠶᠠᠨ ᠪᠠᠶᠢᠭᠤᠯᠵᠤ ᠪᠠᠶᠢᠭ᠎ᠠ《ᠭᠣᠪᠢ ᠶᠢᠨ ᠴᠢᠨᠣ᠎ᠠ -2022》ᠭᠠᠮᠰᠢᠭ ᠤᠨ ᠬᠣᠣᠷ ᠤᠷᠰᠢᠭ ᠢ ᠠᠷᠢᠯᠭᠠᠬᠤ ᠣᠯᠠᠨ ᠤᠯᠤᠰ ᠤᠨ ᠰᠤᠷᠭᠠᠯᠲᠠ᠂ ᠳᠠᠳᠤᠯᠭ᠎ᠠ ᠰᠤᠷᠭᠠᠭᠤᠯᠢ ᠶᠢᠨ ᠬᠦᠷᠢᠶᠡᠨ ᠳᠦ ᠮᠣᠩᠭᠣᠯ ᠠᠬᠤᠢ ᠰᠤᠶᠤᠯ᠂ ᠤᠯᠠᠮᠵᠢᠯᠠᠯᠲᠤ ᠪᠠᠶᠠᠷ ᠨᠠᠭᠠᠳᠤᠮ ᠢ ᠰᠤᠷᠲᠠᠯᠴᠢᠯᠠᠨ ᠲᠠᠨᠢᠭᠤᠯᠬᠤ᠂ ᠨᠥᠬᠥᠷᠰᠡᠭ ᠬᠠᠷᠢᠯᠴᠠᠭ᠎ᠠ ᠶᠢ ᠪᠦᠷᠢᠳᠦᠭᠦᠯᠬᠦ ᠵᠣᠷᠢᠯᠭ᠎ᠠ ᠪᠠᠷ《ᠰᠤᠶᠤᠯ ᠤᠨ ᠡᠳᠦᠷᠯᠢᠭ》ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠯ᠎ᠠ᠃

ᠲᠤᠬᠠᠢᠯᠠᠪᠠᠯ ᠭᠠᠳᠠᠭᠠᠳᠤ᠂ ᠳᠣᠲᠣᠭᠠᠳᠤ ᠶᠢᠨ ᠣᠷᠣᠯᠴᠠᠭᠴᠢᠳ ᠲᠤ ᠵᠣᠷᠢᠭᠤᠯᠤᠭᠰᠠᠨ ᠮᠣᠩᠭᠣᠯ ᠠᠬᠤᠢ᠂ ᠰᠤᠶᠤᠯ ᠤᠨ ᠦᠵᠡᠰᠬᠦᠯᠡᠩ ᠭᠠᠷᠭᠠᠵᠤ᠂ 256 ᠪᠥᠬᠡ ᠶᠢᠨ ᠪᠠᠷᠢᠯᠳᠤᠭᠠᠨ᠂ ᠰᠤᠷ ᠤᠨ ᠬᠠᠷᠪᠤᠭ᠎ᠠ᠂ ᠵᠢᠷᠤᠭ᠎ᠠ ᠮᠣᠷᠢᠨ ᠤ ᠤᠷᠤᠯᠳᠤᠭᠠᠨ᠂ ᠰᠠᠶᠢᠬᠠᠨ ᠬᠣᠣᠰ ᠰᠢᠯᠭᠠᠷᠠᠭᠤᠯᠬᠤ ᠲᠡᠮᠡᠴᠡᠭᠡᠨ ᠢ ᠵᠣᠬᠢᠶᠠᠨ ᠪᠠᠶᠢᠭᠤᠯᠵᠤ᠂ ᠢᠵᠠᠭᠤᠷ ᠤᠷᠠᠯᠢᠭ ᠤᠨ ᠲᠣᠭᠯᠠᠯᠲᠠ ᠶᠢ ᠰᠣᠨᠢᠷᠬᠠᠭᠤᠯᠤᠭᠰᠠᠨ ᠶᠤᠮ᠃
《ᠭᠣᠪᠢ ᠶᠢᠨ ᠴᠢᠨᠣ᠎ᠠ-2022》 ᠣᠯᠠᠨ ᠤᠯᠤᠰ ᠤᠨ ᠰᠤᠷᠭᠠᠯᠲᠠ᠂ ᠳᠠᠳᠤᠯᠭ᠎ᠠ ᠰᠤᠷᠭᠠᠭᠤᠯᠢ ᠳᠤ ᠮᠣᠩᠭᠣᠯ ᠤᠯᠤᠰ᠂ ᠠᠮᠧᠷᠢᠺᠠ ᠶᠢᠨ ᠨᠢᠭᠡᠳᠦᠭᠰᠡᠨ ᠤᠯᠤᠰ ᠂ ᠸᠢᠶᠧᠲ᠋ᠨᠠᠮ᠂ ᠶᠡᠬᠡ ᠪᠷᠢᠲ᠋ᠠᠨ᠂ ᠨᠧᠫᠠᠯ᠂ ᠲᠠᠢᠯᠠᠨᠳ᠋᠂ ᠰᠷᠢᠯᠠᠨᠺᠠ᠂ ᠰᠢᠨ᠎ᠡ ᠽᠢᠯᠠᠨᠳ᠋ ᠵᠡᠷᠭᠡ ᠤᠯᠤᠰ ᠤᠨ 300 ᠭᠠᠷᠤᠢ ᠲᠥᠯᠥᠭᠡᠯᠡᠭᠴᠢ ᠣᠷᠣᠯᠴᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ