ᠰᠯᠣᠸᠠᠺ ᠦᠨ ᠪᠢᠽᠢᠨᠧᠰ ᠦᠨ ᠲᠥᠯᠥᠭᠡᠯᠡᠭᠴᠢᠳ ᠮᠣᠩᠭᠣᠯ ᠤᠯᠤᠰ ᠲᠤ ᠠᠶᠢᠯᠴᠢᠯᠠᠨ᠎ᠠ | News.MN

ᠰᠯᠣᠸᠠᠺ ᠦᠨ ᠪᠢᠽᠢᠨᠧᠰ ᠦᠨ ᠲᠥᠯᠥᠭᠡᠯᠡᠭᠴᠢᠳ ᠮᠣᠩᠭᠣᠯ ᠤᠯᠤᠰ ᠲᠤ ᠠᠶᠢᠯᠴᠢᠯᠠᠨ᠎ᠠ

ᠮᠣᠩᠭᠣᠯ ᠤᠯᠤᠰ ᠠᠴᠠ ᠪᠦᠭᠦᠳᠡ ᠨᠠᠶᠢᠷᠠᠮᠳᠠᠬᠤ ᠰᠯᠣᠸᠠᠺ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠳ∙ᠭᠠᠩᠰᠦ᠋ᠬᠡ ᠰᠯᠣᠸᠠᠺ-ᠮᠣᠩᠭᠣᠯ ᠤᠨ ᠬᠤᠳᠠᠯᠳᠤᠭᠠᠨ ᠤ ᠲᠠᠩᠬᠢᠮ ᠤᠨ ᠶᠡᠷᠦᠩᠬᠡᠶᠢᠯᠡᠭᠴᠢ ᠢ᠊∙ᠴᠠᠷᠨᠤᠭᠤᠷᠰᠺᠢ ᠲᠡᠷᠢᠭᠦᠲᠡᠢ ᠪᠢᠽᠢᠨᠧᠰ ᠦᠨ ᠲᠥᠯᠥᠭᠡᠯᠡᠭᠴᠢᠳ ᠢ ᠡᠨᠡ ᠰᠠᠷ᠎ᠠ ᠶᠢᠨ 5 ᠳᠦ ᠬᠦᠯᠢᠶᠡᠨ ᠠᠪᠴᠤ ᠠᠭᠤᠯᠵᠠᠪᠠ᠃
ᠢ᠊∙ᠴᠠᠷᠨᠤᠭᠤᠷᠰᠺᠢ ᠲᠡᠷᠢᠭᠦᠲᠡᠢ ᠲᠥᠯᠥᠭᠡᠯᠡᠭᠴᠢᠳ ᠡᠨᠡ ᠰᠠᠷ᠎ᠠ ᠶᠢᠨ 20-27 ᠳᠤ ᠮᠣᠩᠭᠣᠯ ᠤᠯᠤᠰ ᠲᠤ ᠠᠶᠢᠯᠴᠢᠯᠠᠵᠤ᠂ ᠮᠣᠩᠭᠣᠯ ᠤᠨ ᠦᠨᠳᠦᠰᠦᠨ ᠦ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠪᠣᠯᠤᠨ ᠰᠯᠣᠸᠠᠺ-ᠮᠣᠩᠭᠣᠯ ᠤᠨ ᠬᠤᠳᠠᠯᠳᠤᠭᠠᠨ ᠤ ᠲᠠᠩᠬᠢᠮ ᠬᠠᠮᠲᠤᠷᠠᠨ ᠠᠵᠢᠯᠯᠠᠬᠤ ᠲᠤᠬᠠᠢ ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠵᠤ᠂ ᠬᠣᠯᠪᠣᠭᠳᠠᠬᠤ ᠶᠠᠮᠤᠳ ᠲᠠᠢ ᠬᠣᠶᠠᠷ ᠲᠠᠯ᠎ᠠ ᠶᠢᠨ ᠠᠭᠤᠯᠵᠠᠯᠲᠠ ᠬᠢᠬᠦ ᠪᠡᠷ ᠲᠥᠯᠥᠪᠯᠡᠵᠦ ᠪᠠᠶᠢᠨ᠎ᠠ᠃ ᠠᠶᠢᠯᠴᠢᠯᠠᠯ ᠨᠢ ᠬᠣᠶᠠᠷ ᠤᠯᠤᠰ ᠤᠨ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠢᠳᠡᠪᠬᠢᠵᠢᠭᠦᠯᠬᠦ᠂ ᠪᠢᠽᠢᠨᠧᠰ ᠡᠷᠬᠢᠯᠡᠭᠴᠢᠳ ᠦᠨ ᠬᠡᠯᠬᠢᠶ᠎ᠡ ᠬᠣᠯᠪᠣᠭ᠎ᠠ ᠶᠢ ᠨᠡᠮᠡᠭᠳᠡᠭᠦᠯᠬᠦ᠂ ᠢᠯᠠᠩᠭᠤᠶ᠎ᠠ᠂ ᠡᠳ᠋  ᠦᠨ ᠵᠠᠰᠠᠭ ᠤᠨ ᠬᠠᠮᠲᠤ ᠶᠢᠨ ᠠᠵᠢᠯᠯᠠᠭᠠᠨ ᠤ ᠲᠤᠬᠠᠢ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ᠂ ᠰᠯᠣᠸᠠᠺ ᠤᠯᠤᠰ ᠤᠨ ᠡᠳ᠋  ᠦᠨ ᠵᠠᠰᠠᠭ ᠤᠨ ᠶᠠᠮᠤᠨ ᠤ ᠬᠡᠯᠡᠯᠴᠡᠭᠡᠷ ᠦᠨ ᠬᠡᠷᠡᠭᠵᠢᠯᠲᠡ ᠶᠢ ᠬᠠᠩᠭᠠᠬᠤ ᠳᠤ ᠴᠢᠬᠤᠯᠠ ᠠᠴᠢ ᠬᠣᠯᠪᠣᠭᠳᠠᠯ ᠲᠠᠢ ᠪᠣᠯᠤᠨ᠎ᠠ ᠭᠡᠵᠦ ᠢᠲᠡᠭᠡᠵᠦ ᠪᠠᠶᠢᠭ᠎ᠠ ᠪᠠᠨ ᠡᠯᠴᠢᠨ ᠰᠠᠶᠢᠳ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ