︽ᠴᠢᠩᠭᠢᠰ ᠬᠠᠭᠠᠨ︾ᠮᠦᠽᠧᠢ ᠶᠢ ᠠᠷᠪᠠᠳᠤᠭᠠᠷ ᠰᠠᠷ᠎ᠠ ᠳᠤ ᠨᠡᠭᠡᠭᠡᠨ᠎ᠡ | News.MN

︽ᠴᠢᠩᠭᠢᠰ ᠬᠠᠭᠠᠨ︾ᠮᠦᠽᠧᠢ ᠶᠢ ᠠᠷᠪᠠᠳᠤᠭᠠᠷ ᠰᠠᠷ᠎ᠠ ᠳᠤ ᠨᠡᠭᠡᠭᠡᠨ᠎ᠡ

ᠵᠠᠰᠠᠭ ᠤᠨ ᠭᠠᠵᠠᠷ ᠪᠠᠶᠢᠭᠠᠯᠢ ᠶᠢᠨ  ᠲᠡᠦᠬᠡ ᠶᠢᠨ ᠮᠦᠽᠧᠢ ᠶᠢᠨ ᠪᠠᠭᠤᠷᠢᠨ ᠳᠡᠭᠡᠷ᠎ᠡ︽ᠴᠢᠩᠭᠢᠰ ᠬᠠᠭᠠᠨ︾ᠮᠦᠽᠧᠢ  ᠪᠠᠶᠢᠭᠤᠯᠬᠤ ᠰᠢᠢᠳᠪᠦᠷᠢ ᠭᠠᠷᠭᠠᠵᠤ᠂ 2020 ᠣᠨ ᠤ ᠳᠥᠷᠪᠡᠳᠦᠭᠡᠷ ᠰᠠᠷ᠎ᠠ ᠶᠢᠨ 2 ᠤ ᠡᠳᠦᠷ ᠰᠢᠪᠠ ᠶᠢ ᠲᠠᠯᠪᠢᠵᠤ ᠪᠠᠶᠢᠪᠠ᠃ ᠰᠣᠶᠤᠯ ᠤᠨ ᠰᠠᠶᠢᠳ ᠴ᠊ ·ᠨᠣᠮᠢᠨ ᠮᠦᠽᠧᠢ ᠶᠢ ᠶᠢᠰᠦᠳᠦᠭᠡᠷ ᠰᠠᠷ᠎ᠠ ᠶᠢᠨ 15  ᠳᠦ ᠨᠡᠭᠡᠭᠡᠬᠦ ᠪᠠᠷ ᠲᠥᠯᠥᠪᠯᠡᠵᠦ ᠪᠤᠶ ᠬᠡᠮᠡᠨ ᠮᠡᠳᠡᠭᠡᠯᠡᠵᠦ ᠪᠠᠶᠢᠭᠰᠠᠨ ᠴᠤ ᠬᠤᠶᠢᠰᠢᠯᠠᠭᠳᠠᠵᠤ ᠠᠷᠪᠠᠳᠤᠭᠠᠷ ᠰᠠᠷ᠎ᠠ ᠳᠤ ᠨᠡᠭᠡᠭᠡᠬᠦ ᠪᠠᠷ ᠪᠣᠯᠵᠠᠢ᠃
ᠮᠦᠽᠧᠢ ᠶᠢᠨ ᠪᠠᠷᠢᠯᠭ᠎ᠠ ᠨᠠᠢᠮᠠᠨ ᠳᠠᠪᠬᠤᠷ ᠪᠥᠭᠡᠳ ᠦᠵᠡᠰᠬᠦᠯᠡᠩ ᠤᠨ ᠲᠠᠩᠬᠢᠮ ᠭᠤᠷᠪᠠᠳᠤᠭᠠᠷ ᠳᠠᠪᠬᠤᠷ ᠠᠴᠠ ᠡᠬᠢᠯᠡᠵᠦ ᠪᠠᠶᠢᠨ᠎ᠡ᠃ ᠭᠤᠷᠪᠠᠳᠤᠭᠠᠷ ᠳᠠᠪᠬᠤᠷ ᠲᠤ  ᠾᠦᠩᠨᠤ᠂ ᠰᠢᠶᠠᠨᠪᠢ᠂  ᠷᠦᠷᠠᠨ᠂ ᠳᠦᠷᠪᠡᠳᠦᠭᠡᠷ ᠳᠠᠪᠬᠤᠷ ᠲᠤ  ᠺᠢᠳᠠᠨ᠂ ᠲᠦᠷᠦᠭ᠂ ᠤᠶᠢᠭᠤᠷ᠂ ᠲᠠᠪᠤᠳᠤᠭᠠᠷ ᠳᠠᠪᠬᠤᠷ ᠲᠤ ᠶᠡᠭᠡ ᠮᠣᠩᠭᠤᠯ ᠤᠯᠤᠰ᠂ ᠵᠢᠷᠭᠤᠳᠤᠭᠠᠷ ᠳᠠᠪᠬᠤᠷ ᠲᠤ ᠡᠵᠡᠨᠲᠦ  ᠤᠯᠤᠰ᠂ ᠳᠤᠯᠤᠳᠤᠭᠠᠷ ᠳᠠᠪᠬᠤᠷ ᠲᠤ ᠠᠷᠪᠠᠨ ᠲᠠᠪᠤ  ᠠᠴᠠ ᠬᠤᠷᠢᠳᠤᠭᠠᠷ ᠵᠠᠭᠤᠨ ᠤ ᠢᠵᠠᠭᠤᠷᠲᠠᠨ ᠂ ᠪᠠᠭ᠎ᠠ ᠬᠠᠭᠠᠳ ᠤᠨ ᠦᠶ᠎ᠡ᠂ ᠨᠠᠢ᠌ᠮᠠᠳᠤᠭᠠᠷ ᠳᠠᠪᠬᠤᠷ ᠲᠤ ᠮᠣᠩᠭᠤᠯ ᠪᠠᠬᠠᠷᠬᠠᠯ ᠤᠨ ᠭᠡᠰᠡᠨ ᠦᠵᠡᠮᠦᠷᠢ ᠶᠢᠨ ᠵᠢᠷᠭᠤᠭᠠᠨ ᠲᠠᠩᠬᠢᠮ ᠲᠠᠢ᠃
ᠲᠤᠰ ᠮᠦᠽᠧᠢ ᠳᠤ  ᠲᠡᠦᠬᠡ᠂ ᠰᠣᠶᠤᠯ ᠤᠨ 10400 ᠣᠷᠴᠢᠮ ᠳᠤᠷᠠᠰᠬᠠᠯ ᠳᠡᠯᠭᠡᠨ᠎ᠡ᠃ ᠡᠭᠦᠨ ᠠᠴᠠ ᠨᠠᠢᠮᠠᠨ ᠬᠤᠪᠢ ᠨᠢ ᠬᠤᠤᠰ ᠦᠭᠡᠶ ᠦᠨᠡᠲᠦ ᠳᠤᠷᠠᠰᠬᠠᠯ ᠪᠠᠶᠢᠬᠤ ᠠᠵᠠᠢ᠃ ᠦᠵᠡᠮᠦᠷᠢ ᠨᠦᠭᠦᠳ ᠢ ᠶᠠᠫᠤᠨ᠂ ᠠᠩᠭ᠍ᠯᠢ᠂ ᠬᠢᠲᠠᠳ ᠵᠡᠷᠭᠡ ᠣᠯᠠᠨ ᠣᠷᠣᠨ ᠤ ᠬᠡᠯᠡ ᠪᠠᠷ ᠲᠠᠶᠢᠯᠪᠤᠷᠢᠯᠠᠬᠤ  ᠶᠤᠮ᠃

ᠰᠡᠳᠬᠢᠭᠳᠡᠯ ᠦᠯᠡᠳᠡᠭᠡᠬᠦ