ᠳᠠᠷᠬᠠᠨ ᠤ ᠵᠠᠮ ᠤᠨ ᠬᠠᠲᠠᠭᠤ ᠬᠤᠴᠢᠯᠲᠠ ᠲᠠᠢ ᠬᠡᠰᠡᠭ ᠢ ᠢᠷᠡᠬᠦ ᠰᠠᠷ᠎ᠠ ᠶᠢᠨ ᠨᠢᠭᠡᠨ ᠳᠦ ᠨᠡᠭᠡᠭᠡᠨ᠎ᠡ | News.MN

ᠳᠠᠷᠬᠠᠨ ᠤ ᠵᠠᠮ ᠤᠨ ᠬᠠᠲᠠᠭᠤ ᠬᠤᠴᠢᠯᠲᠠ ᠲᠠᠢ ᠬᠡᠰᠡᠭ ᠢ ᠢᠷᠡᠬᠦ ᠰᠠᠷ᠎ᠠ ᠶᠢᠨ ᠨᠢᠭᠡᠨ ᠳᠦ ᠨᠡᠭᠡᠭᠡᠨ᠎ᠡ

ᠵᠠᠰᠠᠭ ᠤᠨ ᠭᠠᠵᠠᠷ ᠤᠨ ᠥᠨᠥᠳᠥᠷ ᠤᠨ ᠬᠤᠷᠠᠯᠳᠤᠭᠠᠨ ᠤ ᠰᠢᠢᠳᠪᠦᠷᠢ ᠪᠠᠷ ᠼᠧᠮᠧᠨᠲ ᠤᠨ ᠲᠥᠷᠥᠯ ᠤᠨ ᠪᠦᠬᠦ ᠪᠦᠲᠦᠭᠡᠭᠳᠡᠬᠦᠨ ᠤ ᠭᠠᠶᠢᠯᠢ ᠶᠢᠨ ᠠᠯᠪᠠᠨ ᠲᠠᠲᠠᠪᠤᠷᠢ ᠶᠢ ᠲᠢᠭᠯᠡᠪᠡ᠃ ᠢᠩᠭᠢᠭᠰᠡᠨ ᠢᠶᠠᠷ ᠤᠯᠠᠭᠠᠨᠪᠠᠭᠠᠲᠤᠷ ᠳᠠᠷᠬᠠᠨ ᠤ ᠵᠠᠮ ᠢ ᠲᠥᠯᠦᠪᠯᠡᠭᠡᠲᠦ ᠬᠤᠭᠤᠴᠠᠭᠠᠨ ᠳᠤ ᠨᠢ ᠠᠰᠢᠭᠯᠠᠯᠲᠠ ᠳᠤ ᠣᠷᠣᠭᠤᠯᠬᠤ ᠪᠣᠯᠣᠮᠵᠢ ᠲᠠᠢ ᠪᠣᠯᠬᠤ ᠶᠢ ᠰᠠᠩ ᠤᠨ ᠪ∙ᠵᠢᠪᠬᠤᠯᠠᠩ ᠬᠡᠯᠡᠯ᠎ᠡ᠃

ᠲᠡᠷᠡ ᠪᠠᠷ᠄ ᠤᠯᠠᠭᠠᠨᠪᠠᠭᠠᠲᠤᠷ ᠳᠠᠷᠬᠠᠨ ᠤ ᠵᠠᠮ ᠤᠨ ᠪᠦᠲᠦᠭᠡᠨ ᠪᠠᠶᠢᠭᠤᠯᠤᠯᠲᠠ ᠵᠢᠷᠭᠤᠭᠠᠳᠠᠬᠢ ᠵᠢᠯ ᠳᠤ ᠪᠠᠨ ᠦᠷᠭᠦᠯᠵᠢᠯᠡᠵᠦ ᠪᠠᠶᠢᠨ᠎ᠡ᠃ ᠡᠨᠡ ᠵᠠᠮ ᠢ 2022 ᠣᠨ ᠳᠤ ᠪᠠᠨ ᠪᠠᠭᠲᠠᠭᠠᠨ ᠬᠠᠲᠠᠭᠤ ᠬᠤᠴᠢᠯᠲᠠ ᠲᠠᠢ ᠪᠣᠯᠭᠠᠨ ᠪᠦᠷᠢᠠ ᠬᠥᠳᠡᠯᠭᠡᠭᠡᠨ ᠢ ᠨᠢ ᠨᠡᠭᠡᠭᠡᠬᠦ ᠵᠣᠷᠢᠯᠲᠠ ᠲᠠᠯᠪᠢᠭᠠᠳ ᠠᠵᠢᠯᠯᠠᠵᠤ ᠪᠠᠶᠢᠨ᠎ᠡ᠃ ᠬᠡᠷᠪᠡ ᠼᠧᠮᠧᠨᠲ ᠤᠨ ᠨᠡᠶᠢᠯᠡᠭᠦᠯᠦᠯᠲᠡ ᠲᠠᠰᠤᠷᠠᠬᠤ ᠦᠭᠡᠢ ᠪᠣᠯ ᠡᠨᠡ ᠵᠣᠷᠢᠯᠲᠠ ᠶᠢ ᠪᠢᠳᠡ ᠬᠠᠩᠭᠠᠵᠤ ᠠᠵᠢᠯᠯᠠᠵᠤ ᠴᠢᠳᠠᠨ᠎ᠠ᠃ 10 ᠳ᠋ᠤᠭᠠᠷ ᠰᠠᠷ᠎ᠠ ᠶᠢᠨ ᠨᠢᠭᠡᠨ ᠭᠡᠬᠦ ᠳᠤ ᠤᠯᠠᠭᠠᠨᠪᠠᠭᠠᠲᠤᠷ ᠳᠠᠷᠬᠠᠨ ᠴᠢᠭᠯᠡᠯ ᠳᠤ ᠬᠠᠲᠠᠭᠤ ᠬᠤᠴᠢᠯᠲᠠ ᠲᠠᠢ ᠵᠠᠮ ᠤᠨ ᠬᠥᠳᠡᠯᠭᠡᠭᠡᠨ ᠢ ᠨᠡᠭᠡᠭᠡᠬᠦ ᠪᠠᠷ ᠲᠥᠯᠥᠪᠯᠡᠵᠦ ᠪᠠᠶᠢᠨ᠎ᠡ᠃ ᠠᠰᠢᠭᠯᠠᠯᠲᠠ ᠳᠤ ᠣᠷᠣᠭᠤᠯᠬᠤ᠂ ᠬᠥᠳᠡᠯᠭᠡᠭᠡᠨ ᠨᠡᠭᠡᠭᠡᠬᠦ ᠬᠤᠶᠠᠷ ᠥᠭᠡᠷ᠎ᠡ ᠣᠶᠢᠯᠭᠠᠯᠲᠠ᠃ 2023 ᠣᠨ ᠭᠡᠬᠦ ᠳᠤ ᠳᠥᠷᠪᠡᠨ ᠡᠩᠨᠡᠭᠡ  ᠪᠦᠬᠦᠢ ᠬᠤᠶᠠᠷ ᠤᠷᠤᠰᠬᠠᠯ ᠲᠠᠢ ᠵᠠᠮ ᠪᠦᠷᠢᠠ ᠠᠰᠢᠭᠯᠠᠯᠲᠠ ᠳᠤ ᠣᠷᠣᠭᠤᠯᠤᠨ᠎ᠠ ᠭᠡᠰᠡᠨ ᠶᠤᠮ᠃

ᠰᠡᠳᠬᠢᠭᠳᠡᠯ ᠦᠯᠡᠳᠡᠭᠡᠬᠦ