ᠨᠡᠭᠦᠷᠡᠰᠦᠨ ᠤ ᠡᠺᠰᠫᠣᠷᠲ ᠡᠷᠴᠢᠮᠵᠢᠪᠡᠯ 2022 ᠣᠨ ᠳᠤ ᠡᠳ᠋ ᠤᠨ ᠵᠠᠰᠠᠭ 3 ᠬᠤᠪᠢ ᠪᠠᠷ ᠲᠡᠯᠡᠨ᠎ᠡ | News.MN

ᠨᠡᠭᠦᠷᠡᠰᠦᠨ ᠤ ᠡᠺᠰᠫᠣᠷᠲ ᠡᠷᠴᠢᠮᠵᠢᠪᠡᠯ 2022 ᠣᠨ ᠳᠤ ᠡᠳ᠋ ᠤᠨ ᠵᠠᠰᠠᠭ 3 ᠬᠤᠪᠢ ᠪᠠᠷ ᠲᠡᠯᠡᠨ᠎ᠡ

2023 ᠣᠨ ᠳᠤ  ᠳᠣᠲᠤᠭᠠᠳᠤ ᠶᠢᠨ ᠨᠡᠶᠢᠲᠡ ᠪᠦᠲᠦᠭᠡᠭᠳᠡᠬᠦᠨ 4 ᠬᠤᠪᠢ ᠪᠠᠷ ᠥᠰᠬᠦ ᠲᠥᠯᠥᠪᠲᠡᠢ ᠭᠡᠵᠦ ᠮᠣᠩᠭᠤᠯ ᠪᠠᠩᠬᠢ ᠲᠣᠭᠠᠴᠠᠭᠠᠯᠠᠭᠠᠳ ᠪᠠᠶᠢᠨ᠎ᠡ᠃ ᠣᠨ ᠤ ᠡᠬᠢᠨ ᠤ ᠨᠠᠢᠮᠠᠨ ᠰᠠᠷ᠎ᠠ ᠶᠢᠨ ᠰᠲ᠋ᠠᠲ᠋ᠢᠰᠲ᠋ᠢᠺ ᠮᠡᠳᠡᠭᠡᠯᠡᠯ ᠢᠶᠠᠷ ᠨᠡᠭᠦᠷᠡᠰᠦᠨ ᠤ ᠡᠺᠰᠫᠣᠷᠲ ᠡᠮᠦᠨᠡᠬᠢ ᠣᠨ ᠤ ᠮᠦᠠ ᠦᠶ᠎ᠡ ᠠᠴᠠ 35.3 ᠬᠤᠪᠢ ᠪᠠᠷ ᠥᠰᠦᠭᠰᠡᠨ ᠴᠤ 2020 ᠣᠨ ᠤ ᠮᠦᠠ ᠦᠶ᠎ᠡ ᠠᠴᠠ 2.1 ᠬᠤᠪᠢ ᠪᠠᠷ ᠪᠠᠭᠤᠷᠠᠵᠠᠢ᠃
ᠨᠡᠭᠦᠷᠡᠰᠦ ᠲᠡᠭᠡᠭᠡᠪᠦᠷᠢ ᠶᠢᠨ ᠬᠤᠪᠢ ᠳᠤ ᠲᠠᠪᠤᠨᠲᠣᠯᠣᠭᠠᠢ  ᠭᠠᠰᠢᠭᠤᠨᠰᠤᠬᠠᠢᠲᠤ ᠴᠢᠭᠯᠡᠯ ᠳᠤ ᠲᠡᠮᠦᠷ ᠵᠠᠮ ᠢᠶᠠᠷ ᠲᠡᠭᠡᠭᠡᠪᠦᠷᠢᠯᠡᠯᠲᠡ ᠬᠢᠬᠦ ᠪᠣᠯᠣᠮᠵᠢ ᠲᠠᠢ ᠪᠣᠯᠣᠭᠰᠠᠨ ᠢᠶᠠᠷ 2022-2025 ᠣᠨ ᠳᠤ ᠵᠢᠯ ᠳᠤ 10  ᠰᠠᠶ᠎ᠠ ᠬᠦᠷᠳᠡᠯ᠎ᠠ ᠲᠣᠨ᠂ 2035 ᠣᠨ ᠭᠡᠬᠦ ᠳᠤ 20  ᠰᠠᠶ᠎ᠠ ᠲᠣᠨ ᠲᠡᠭᠡᠭᠡᠪᠦᠷᠢᠯᠡᠯᠲᠡ ᠬᠢᠳᠡᠭ ᠪᠣᠯᠤᠨ᠎ᠠ ᠭᠡᠵᠦ ᠲᠣᠭᠠᠴᠠᠭᠠᠯᠠᠵᠠᠢ᠃   ᠬᠢᠲᠠᠳ ᠲᠤ ᠡᠺᠰᠫᠣᠷᠲᠯᠠᠵᠤ ᠪᠤᠶ ᠨᠡᠭᠦᠷᠡᠰᠦᠨ ᠤ ᠬᠡᠮᠵᠢᠶ᠎ᠡ ᠶᠢ 2022-2025 ᠣᠨ ᠳᠠᠭᠤᠰᠲᠠᠯ᠎ᠠ ᠵᠢᠯ ᠪᠦᠷᠢ 40-70  ᠰᠠᠶ᠎ᠠ ᠲᠣᠨ ᠪᠠᠶᠢᠯᠭᠠᠬᠤ ᠬᠡᠮᠵᠢᠶ᠎ᠡ ᠶᠢ ᠬᠠᠷᠢᠯᠴᠠᠨ ᠲᠣᠬᠢᠷᠠᠯᠴᠠᠭᠰᠠᠨ ᠪᠠᠶᠢᠨ᠎ᠡ᠃

ᠰᠡᠳᠬᠢᠭᠳᠡᠯ ᠦᠯᠡᠳᠡᠭᠡᠬᠦ