ᠮᠣᠩᠭᠤᠯ ᠤᠯᠤᠰ ᠠᠵᠢᠭᠯᠠᠭᠴᠢ ᠶᠢᠨ ᠪᠠᠶᠢᠷᠢ ᠰᠠᠭᠤᠷᠢ ᠪᠠᠨ ᠦᠷᠭᠦᠯᠵᠢᠯᠡᠭᠦᠯᠦᠨ ᠬᠠᠳᠠᠭᠠᠯᠠᠨ᠎ᠠ | News.MN

ᠮᠣᠩᠭᠤᠯ ᠤᠯᠤᠰ ᠠᠵᠢᠭᠯᠠᠭᠴᠢ ᠶᠢᠨ ᠪᠠᠶᠢᠷᠢ ᠰᠠᠭᠤᠷᠢ ᠪᠠᠨ ᠦᠷᠭᠦᠯᠵᠢᠯᠡᠭᠦᠯᠦᠨ ᠬᠠᠳᠠᠭᠠᠯᠠᠨ᠎ᠠ

ᠮᠣᠩᠭᠤᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ  ᠶᠢᠨ ᠶᠡᠷᠦᠩᠬᠡᠶ ᠨᠡᠷᠢᠠ ᠪᠢᠴᠢᠭ ᠤᠨ ᠳᠠᠷᠤᠭ᠎ᠠ ᠵᠢᠶᠠᠩ ᠮᠢᠩ  ᠢ ᠬᠦᠯᠢᠶᠡᠨ ᠠᠪᠴᠤ ᠠᠭᠤᠯᠵᠠᠪᠠ᠃ ᠠᠭᠤᠯᠵᠠᠯᠲᠠ ᠶᠢᠨ ᠦᠶ᠎ᠡ ᠪᠠᠷ ᠤ᠊ ·ᠬᠦᠷᠡᠯᠰᠦ᠋ᠬᠡ ᠮᠣᠩᠭᠤᠯ  ᠤᠯᠤᠰ ᠣᠯᠠᠨ  ᠲᠤᠯᠭᠠᠭᠤᠷᠢᠲᠤ ᠭᠠᠳᠠᠭᠠᠳᠤ ᠪᠣᠳᠣᠯᠭ᠎ᠠ ᠶᠢᠨ ᠢᠶᠠᠨ ᠬᠦᠷᠢᠶᠡᠨ ᠳᠤ 2004 ᠣᠨ ᠳᠤ  ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ  ᠶᠢᠨ ᠠᠵᠢᠭᠯᠠᠭᠴᠢ ᠣᠷᠣᠨ ᠪᠣᠯᠣᠭᠰᠠᠨ ᠠᠴᠠ ᠬᠤᠶᠢᠰᠢ ᠲᠤᠰ ᠪᠠᠶᠢᠭᠤᠯᠤᠯᠭ᠎ᠠ ᠶᠢᠨ ᠭᠡᠰᠢᠭᠦᠨ ᠣᠷᠣᠨ ᠨᠤᠭᠤᠳ ᠤᠨ ᠲᠥᠷᠦ ᠵᠠᠰᠠᠭ ᠤᠨ ᠲᠡᠷᠢᠬᠦᠠ ᠨᠠᠷ ᠤᠨ ᠪᠤᠯᠦᠠ ᠪᠤᠰᠤᠳ ᠠᠭᠤᠯᠵᠠᠯᠲᠠ᠂ ᠠᠷᠭ᠎ᠠ ᠬᠡᠮᠵᠢᠶᠡᠨ ᠳᠤ ᠲᠤᠭᠳᠠᠮᠠᠯ ᠣᠷᠣᠯᠴᠠᠵᠤ᠂ ᠬᠠᠮᠲᠤ ᠶᠢᠨ ᠠᠵᠢᠯᠯᠠᠭ᠎ᠠ ᠶᠢ ᠣᠨᠤᠪᠴᠢᠲᠠᠢ ᠬᠡᠯᠪᠡᠷᠢ ᠪᠠᠷ ᠥᠷᠭᠡᠵᠢᠭᠦᠯᠦᠨ ᠬᠥᠭᠵᠢᠭᠦᠯᠬᠦ ᠶᠢ ᠵᠣᠷᠢᠵᠤ ᠢᠷᠡᠭᠰᠡᠨ ᠭᠡᠳᠡᠭ ᠢ ᠬᠡᠯᠡᠯ᠎ᠡ᠃
ᠴᠢᠨᠠᠭᠰᠢᠳᠠ ᠴᠤ ᠮᠣᠩᠭᠤᠯ ᠤᠯᠤᠰ ᠲᠤᠰ ᠪᠠᠶᠢᠭᠤᠯᠤᠯᠭ᠎ᠠ ᠲᠠᠢ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ᠂ ᠢᠯᠠᠩᠭᠤᠶ᠎ᠠ ᠪᠦᠰᠡ ᠨᠤᠲᠤᠭ ᠤᠨ ᠳᠡᠳ᠋ ᠪᠦᠲᠦᠴᠡ᠂ ᠡᠳ᠋ ᠤᠨ ᠵᠠᠰᠠᠭ ᠤᠨ ᠲᠣᠮᠤᠬᠠᠨ ᠲᠥᠰᠥᠯ᠂ ᠬᠥᠲᠥᠯᠪᠦᠷᠢ ᠨᠤᠭᠦᠳ ᠢ ᠬᠠᠮᠲᠤᠷᠠᠨ ᠬᠡᠷᠡᠭᠵᠢᠭᠦᠯᠬᠦ ᠰᠣᠨᠢᠷᠬᠠᠯᠲᠠᠢ ᠪᠠᠶᠢᠭ᠎ᠠ ᠪᠠᠨ ᠢᠯᠡᠷᠬᠡᠶᠢᠯᠡᠪᠡ᠃  ᠡᠭᠦᠨ ᠳᠦ︽ᠮᠣᠩᠭᠤᠯ᠂ ᠤᠷᠦᠰ᠂ ᠬᠢᠲᠠᠳ ᠤᠨ ᠡᠳ᠋ ᠤᠨ ᠵᠠᠰᠠᠭ ᠤᠨ ᠺᠣᠷᠢᠳᠤᠷ ᠪᠠᠶᠢᠭᠤᠯᠬᠤ ᠬᠥᠲᠥᠯᠪᠦᠷᠢ︾ ᠳᠦ ᠲᠤᠰᠬᠠᠭᠰᠠᠨ ᠲᠡᠮᠦᠷ ᠵᠠᠮ ᠤᠨ ᠲᠥᠪ ᠺᠣᠷᠢᠳᠤᠷ ᠢ ᠰᠢᠨᠡᠴᠢᠯᠡᠬᠦ᠂ ᠵᠡᠭᠦᠨ ᠪᠤᠯᠦᠠ ᠪᠠᠷᠠᠭᠤᠨ ᠺᠣᠷᠢᠳᠤᠷ ᠰᠢᠨ᠎ᠡ ᠪᠠᠷ ᠪᠡᠷᠢᠬᠤ᠂ ᠮᠦᠠ ᠭᠤᠷᠪᠠᠨ ᠤᠯᠤᠰ ᠢ ᠬᠤᠯᠪᠣᠭᠰᠠᠨ ᠬᠤᠷᠳᠤᠨ ᠤ ᠠᠦ᠋ᠲ᠋ᠣ᠋ ᠵᠠᠮ᠂ ᠬᠡᠢ ᠶᠢᠨ ᠬᠤᠭᠤᠯᠠᠶ ᠪᠡᠷᠢᠬᠤ ᠵᠡᠷᠭᠡ ᠡᠳ᠋ ᠤᠨ ᠵᠠᠰᠠᠭ ᠤᠨ ᠦᠷ᠎ᠡ ᠠᠰᠢᠭ ᠲᠠᠢ᠂ ᠰᠲᠷᠠᠲ᠋ᠧᠭᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠤᠷᠤᠭᠰᠢᠯᠠᠭᠤᠯᠬᠤ ᠰᠣᠨᠢᠷᠬᠠᠯᠲᠠᠢ

ᠰᠡᠳᠬᠢᠭᠳᠡᠯ ᠦᠯᠡᠳᠡᠭᠡᠬᠦ