ᠴᠠᠭᠠᠳᠬᠠᠬᠤ ᠠᠵᠢᠯ  ᠤᠨ ᠺᠣᠮᠢᠰ ᠤᠨ ᠬᠢᠨ ᠪᠤᠯᠠᠭᠠᠨ ᠠᠶᠢᠮᠠᠭ ᠲᠤ ᠠᠵᠢᠯᠯᠠᠯ᠎ᠠ | News.MN

ᠴᠠᠭᠠᠳᠬᠠᠬᠤ ᠠᠵᠢᠯ  ᠤᠨ ᠺᠣᠮᠢᠰ ᠤᠨ ᠬᠢᠨ ᠪᠤᠯᠠᠭᠠᠨ ᠠᠶᠢᠮᠠᠭ ᠲᠤ ᠠᠵᠢᠯᠯᠠᠯ᠎ᠠ

ᠴᠠᠭᠠᠳᠬᠠᠬᠤ ᠠᠵᠢᠯ ᠢ ᠤᠳᠤᠷᠢᠳᠤᠨ ᠵᠣᠬᠢᠶᠠᠨ ᠪᠠᠶᠢᠭᠤᠯᠬᠤ ᠤᠯᠤᠰ ᠤᠨ ᠺᠣᠮᠢᠰ ᠤᠨ ᠨᠡᠷᠢᠠ ᠪᠢᠴᠢᠭ ᠤᠨ ᠳᠠᠷᠤᠭ᠎ᠠ ᠬ᠋᠊·ᠲᠡᠭᠦᠯᠳᠡᠷ ᠢᠶᠠᠷ ᠠᠬᠠᠯᠠᠭᠤᠯᠤᠭᠰᠠᠨ ᠪᠠᠭ ᠪᠤᠯᠠᠭᠠᠨ ᠠᠶᠢᠮᠠᠭ ᠲᠤ ᠠᠵᠢᠯᠯᠠᠵᠤ᠂ ᠰᠠᠯᠪᠤᠷᠢ ᠺᠣᠮᠢᠰ ᠤᠨ ᠭᠡᠰᠢᠭᠦᠳ ᠲᠠᠢ ᠠᠭᠤᠯᠵᠠᠯᠲᠠ ᠬᠢᠵᠦ᠂ ᠬᠡᠯᠮᠡᠭᠳᠡᠭᠰᠡᠳ ᠲᠤ ᠵᠣᠷᠢᠭᠤᠯᠤᠭᠰᠠᠨ ᠳᠤᠷᠠᠰᠬᠠᠯ ᠲᠠᠢ ᠲᠠᠨᠢᠯᠴᠠᠯ᠎ᠠ᠃
ᠲᠡᠳᠡ ᠪᠤᠯᠠᠭᠠᠨ ᠰᠤᠮᠤᠨ ᠳᠤ ᠪᠠᠶᠢᠳᠠᠭ ᠬᠡᠯᠮᠡᠭᠳᠡᠭᠰᠡᠳ ᠤᠨ ᠳᠤᠷᠠᠰᠬᠠᠯ ᠳᠤ ᠵᠣᠷᠢᠭᠤᠯᠤᠭᠰᠠᠨ ᠬᠥᠰᠢᠶ᠎ᠡ᠂ ᠳ᠋᠊·ᠳ᠋ᠠᠮᠪᠠ ᠶᠢᠨ ᠬᠥᠰᠢᠶ᠎ᠡ᠂ ᠮᠦᠽᠧᠶ᠂ ᠨᠣᠮ ᠤᠨ ᠰᠠᠩ ᠤᠨ ᠬᠡᠯᠮᠡᠭᠳᠡᠭᠰᠡᠳ ᠤᠨ ᠳᠤᠷᠠᠰᠬᠠᠯ ᠳᠤ ᠵᠣᠷᠢᠭᠤᠯᠤᠭᠰᠠᠨ ᠪᠤᠯᠤᠩ᠂ ᠡᠳ᠋ ᠦᠯᠦᠭ ᠦᠨ ᠳᠤᠷᠠᠰᠬᠠᠯ ᠢ ᠦᠵᠡᠵᠦ᠂︽ᠲᠡᠷᠪᠤᠮ ᠮᠣᠳᠤ︾ᠦᠨᠳᠦᠰᠦᠨ ᠤ ᠬᠥᠲᠥᠯᠪᠦᠷᠢ ᠶᠢᠨ ᠬᠦᠷᠢᠶᠡᠨ ᠳᠤ ᠬᠡᠯᠮᠡᠭᠳᠡᠭᠰᠡᠳ ᠤᠨ ᠳᠤᠷᠠᠰᠬᠠᠯ ᠳᠤ ᠵᠣᠷᠢᠭᠤᠯᠤᠭᠰᠠᠨ ᠨᠣᠭᠤᠭᠠᠨ ᠲᠦᠭᠡᠯ ᠪᠠᠶᠢᠭᠤᠯᠬᠤ᠂ ᠲᠣᠬᠢᠵᠢᠭᠤᠯᠬᠤ ᠠᠵᠢᠯ ᠳᠤ ᠰᠢᠨ᠎ᠡ ᠰᠢᠢᠳᠦᠯ ᠭᠠᠷᠭᠠᠯ᠎ᠠ ᠭᠡᠵᠦ ᠠᠶᠢᠮᠠᠭ ᠤᠨ  ᠢᠷᠭᠡᠳ ᠤᠨ ᠲᠥᠯᠥᠭᠡᠯᠡᠭᠴᠢᠳ ᠤᠨ ᠬᠤᠷᠠᠯ  ᠤᠨ ᠠᠵᠢᠯ ᠤᠨ ᠠᠯᠪᠠᠨ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ