ᠶᠡᠷᠦᠩᠬᠡᠶᠢᠯᠡᠭᠴᠢ  SCO  ᠤᠨ ᠬᠤᠷᠠᠯᠳᠤᠭᠠᠨ ᠳᠤ ᠦᠭᠡ ᠬᠡᠯᠡᠯ᠎ᠡ | News.MN

ᠶᠡᠷᠦᠩᠬᠡᠶᠢᠯᠡᠭᠴᠢ  SCO  ᠤᠨ ᠬᠤᠷᠠᠯᠳᠤᠭᠠᠨ ᠳᠤ ᠦᠭᠡ ᠬᠡᠯᠡᠯ᠎ᠡ

ᠮᠣᠩᠭᠤᠯ ᠤᠯᠤᠰ ᠤᠨ ᠶᠡᠷᠦᠩᠬᠡᠶᠢᠯᠡᠭᠴᠢ ᠤ᠊ ·ᠬᠦᠷᠡᠯᠰᠦ᠋ᠬᠡ ᠦᠽᠪᠧᠺᠰᠲ᠋ᠠᠨ ᠳᠤ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠭᠡᠰᠢᠭᠦᠨ ᠣᠷᠣᠨ ᠨᠤᠭᠤᠳ ᠤᠨ ᠲᠥᠷᠦ ᠶᠢᠨ ᠲᠡᠷᠢᠬᠦᠠ ᠨᠠᠷ ᠤᠨ ᠵᠥᠪᠯᠡᠯ ᠤᠨ ᠥᠷᠭᠡᠳᠬᠡᠭᠰᠡᠨ ᠬᠤᠷᠠᠯᠳᠤᠭᠠᠨ ᠳᠤ ᠣᠷᠣᠯᠴᠠᠵᠤ᠂ ᠦᠭᠡ ᠬᠡᠯᠡᠯ᠎ᠡ᠃ ᠲᠡᠷᠡ ᠪᠠᠷ᠄ ᠮᠣᠩᠭᠤᠯ ᠤᠯᠤᠰ ᠡᠩᠬᠡ ᠶᠢ ᠡᠷᠬᠢᠮᠯᠡᠭᠰᠡᠨ᠂ ᠨᠡᠭᠡᠭᠡᠯᠲᠡ ᠲᠠᠢ᠂ ᠣᠯᠠᠨ  ᠲᠤᠯᠭᠠᠭᠤᠷᠢᠲᠤ᠂ ᠪᠡᠶ᠎ᠠ ᠳᠠᠭᠠᠭᠠᠭᠰᠠᠨ ᠭᠠᠳᠠᠭᠠᠳᠤ ᠪᠣᠳᠣᠯᠭ᠎ᠠ ᠶᠢ  ᠲᠤᠤᠱᠲᠠᠢ ᠬᠡᠷᠡᠭᠵᠢᠭᠦᠯᠵᠦ᠂ ᠪᠦᠰᠡ ᠨᠤᠲᠤᠭ ᠲᠤ ᠥᠷᠨᠢᠵᠦ ᠪᠤᠶ ᠬᠤᠳᠠᠯᠳᠤᠭ᠎ᠠ᠂ ᠡᠳ᠋ ᠤᠨ ᠵᠠᠰᠠᠭ ᠤᠨ ᠣᠯᠠᠨ ᠲᠠᠯᠠᠲᠤ ᠦᠶᠯᠡ ᠶᠠᠪᠤᠴᠠ ᠳᠤ ᠢᠳᠡᠪᠬᠢᠲᠡᠢ᠂ ᠦᠷ᠎ᠡ ᠪᠦᠲᠦᠭᠡᠯᠲᠡᠢ ᠣᠷᠣᠯᠴᠠᠬᠤ ᠶᠢ ᠡᠷᠡᠮᠡᠯᠵᠡᠳᠡᠭ᠃ ᠮᠣᠩᠭᠤᠯ ᠤᠯᠤᠰ  ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ  ᠶᠢᠨ ᠠᠵᠢᠭᠯᠠᠭᠴᠢ ᠤᠯᠤᠰ ᠤᠨ ᠬᠤᠪᠢ ᠳᠤ ᠭᠡᠰᠢᠭᠦᠨ ᠣᠷᠣᠨ ᠨᠤᠭᠤᠳ ᠤᠨ ᠲᠥᠷᠦ ᠵᠠᠰᠠᠭ ᠤᠨ ᠲᠡᠷᠢᠬᠦᠠ ᠨᠠᠷ ᠤᠨ ᠪᠤᠯᠦᠠ ᠪᠤᠰᠤᠳ ᠠᠭᠤᠯᠵᠠᠯᠲᠠ᠂ ᠠᠷᠭ᠎ᠠ ᠬᠡᠮᠵᠢᠶᠡᠨ ᠳᠤ ᠲᠤᠭᠳᠠᠮᠠᠯ᠂ ᠢᠳᠡᠪᠬᠢᠲᠡᠢ ᠣᠷᠣᠯᠴᠠᠵᠤ᠂ ᠬᠠᠮᠲᠤᠷᠠᠨ ᠠᠵᠢᠯᠯᠠᠵᠤ ᠢᠷᠡᠭᠰᠡᠨ ᠭᠡᠪᠡ᠃
ᠴᠢᠨᠠᠭᠰᠢᠳᠠ ᠴᠤ  ᠭᠡᠰᠢᠭᠦᠨ ᠣᠷᠣᠨ ᠨᠤᠭᠤᠳ ᠲᠠᠢ ᠬᠤᠳᠠᠯᠳᠤᠭ᠎ᠠ᠂ ᠬᠥᠷᠥᠩᠭᠡ ᠣᠷᠤᠭᠤᠯᠤᠯᠲᠠ᠂ ᠡᠷᠴᠢᠮ ᠬᠦᠴᠦ᠂ ᠲᠡᠭᠡᠭᠡᠪᠦᠷᠢ ᠯᠤᠵᠢᠰᠲ᠋ᠢᠺ᠂ ᠪᠠᠶᠢᠭᠠᠯᠢ ᠣᠷᠴᠢᠨ᠂ ᠠᠶᠠᠯᠠᠯ ᠵᠢᠭᠤᠯᠴᠢᠯᠠᠯ᠂ ᠮᠡᠳᠡᠭᠡᠯᠡᠯ ᠤᠨ ᠲᠧᠭᠨᠣᠯᠣᠭᠢ᠂ ᠬᠥᠳᠡᠭᠡ ᠠᠵᠤ ᠠᠬᠤᠶ᠂ ᠬᠦᠨᠡᠰᠦᠨ ᠤ ᠬᠠᠩᠭᠠᠮᠵᠢ  ᠠᠶᠤᠯᠭᠦᠢ ᠪᠠᠶᠢᠳᠠᠯ᠂ ᠬᠦᠮᠦᠯᠢᠭ ᠤᠨ ᠰᠠᠯᠪᠤᠷᠢ ᠳᠤ ᠬᠠᠮᠲᠤ ᠶᠢᠨ ᠠᠵᠢᠯᠯᠠᠭ᠎ᠠ ᠪᠠᠨ ᠤᠯᠠᠮ ᠥᠷᠭᠡᠵᠢᠭᠦᠯᠦᠨ ᠬᠥᠭᠵᠢᠭᠦᠯᠵᠦ᠂ ᠤᠯᠤᠰ ᠬᠤᠭᠤᠷᠤᠨᠳᠤ ᠶᠢᠨ ᠪᠤᠯᠦᠠ ᠪᠦᠰᠡ ᠨᠤᠲᠤᠭ ᠤᠨ ᠡᠳ᠋ ᠤᠨ ᠵᠠᠰᠠᠭ ᠤᠨ ᠲᠣᠮᠤᠬᠠᠨ ᠲᠥᠰᠥᠯ᠂ ᠬᠥᠲᠥᠯᠪᠦᠷᠢ ᠨᠤᠭᠦᠳ ᠢ ᠬᠠᠮᠲᠤᠷᠠᠨ ᠬᠡᠷᠡᠭᠵᠢᠭᠦᠯᠬᠦ᠂ ᠪᠣᠳᠠᠲᠤ ᠠᠵᠢᠯ ᠬᠡᠷᠡᠭ ᠪᠣᠯᠭᠠᠬᠤ ᠰᠣᠨᠢᠷᠬᠠᠯᠲᠠᠢ ᠪᠠᠶᠢᠭ᠎ᠠ ᠪᠠᠨ ᠢᠯᠡᠷᠬᠡᠢᠯᠡᠪᠡ᠃

ᠰᠡᠳᠬᠢᠭᠳᠡᠯ ᠦᠯᠡᠳᠡᠭᠡᠬᠦ