︽ᠴᠢᠩᠭᠢᠰ ᠬᠠᠭᠠᠨ︾ᠮᠦᠽᠧᠢ ᠶᠢᠨ ᠨᠡᠭᠡᠭᠡᠯᠳᠡ ᠠᠷᠪᠠᠳᠤᠭᠠᠷ ᠰᠠᠷ᠎ᠠ ᠶᠢᠨ 11  ᠳᠤ ᠪᠣᠯᠤᠨ᠎ᠠ | News.MN

︽ᠴᠢᠩᠭᠢᠰ ᠬᠠᠭᠠᠨ︾ᠮᠦᠽᠧᠢ ᠶᠢᠨ ᠨᠡᠭᠡᠭᠡᠯᠳᠡ ᠠᠷᠪᠠᠳᠤᠭᠠᠷ ᠰᠠᠷ᠎ᠠ ᠶᠢᠨ 11  ᠳᠤ ᠪᠣᠯᠤᠨ᠎ᠠ

︽ ᠴᠢᠩᠭᠢᠰ ᠬᠠᠭᠠᠨ︾ᠮᠦᠽᠧᠢ ᠶᠢ ᠢᠷᠡᠬᠦ ᠠᠷᠪᠠᠳᠤᠭᠠᠷ ᠰᠠᠷ᠎ᠠ ᠶᠢᠨ 11  ᠳᠦ ᠨᠡᠭᠡᠭᠡᠬᠦ ᠪᠠᠷ ᠪᠤᠯᠵᠠᠢ᠃ ᠤ᠊ · ᠬᠦᠷᠡᠯᠰᠦ᠋ᠬᠡ ᠶᠡᠷᠦᠩᠬᠡᠶ ᠰᠠᠶᠢᠳ ᠪᠠᠶᠢᠬᠤ ᠳᠤ ᠪᠠᠨ ︽ᠴᠢᠩᠭᠢᠰ ᠬᠠᠭᠠᠨ︾ᠬᠠᠭᠠᠳ ᠢᠵᠠᠭᠤᠷᠲᠠᠨ ᠤ ᠮᠦᠽᠧᠶ ᠪᠠᠶᠢᠭᠤᠯᠬᠤ ᠰᠠᠨᠠᠭᠠᠴᠢᠯᠠᠭ᠎ᠠ ᠭᠠᠷᠭᠠᠨ ᠂ ᠤᠯᠤᠰ ᠲᠥᠷᠦ ᠶᠢᠨ ᠮᠠᠩᠯᠠᠶᠢᠯᠠᠯ ᠦᠵᠡᠭᠦᠯᠵᠦ ᠳᠡᠮᠵᠢᠭᠰᠡᠨ ᠪᠠ 2020 ᠣᠨ ᠤ ᠳᠥᠷᠪᠡᠳᠦᠭᠡᠷ ᠰᠠᠷ᠎ᠠ ᠳᠤ ᠮᠦᠽᠧᠢ ᠶᠢᠨ ᠪᠠᠷᠢᠯᠭ᠎ᠠ ᠶᠢᠨ ᠰᠢᠪᠠ ᠲᠠᠯᠪᠢᠬᠤ ᠶᠣᠰᠣᠯᠠᠯ ᠳᠤ ᠣᠷᠣᠯᠴᠠᠵᠤ ᠪᠠᠶᠢᠪᠠ᠃
︽ᠴᠢᠩᠭᠢᠰ ᠬᠠᠭᠠᠨ︾ᠮᠦᠽᠧᠢ ᠶᠢᠨ ᠪᠠᠷᠢᠯᠭ᠎ᠠ ᠶᠢᠨ ᠠᠵᠢᠯ  ᠴᠠᠷ᠎ᠠ ᠲᠠᠬᠤᠯ ᠤᠨ ᠦᠶ᠎ᠡ ᠳᠤ ᠴᠤ ᠵᠣᠭᠰᠣᠯᠲᠠ ᠦᠭᠡᠢ ᠦᠷᠭᠦᠯᠵᠢᠯᠡᠵᠦ᠂ ᠦᠵᠡᠮᠦᠷᠢ ᠨᠦᠭᠦᠳ ᠢ ᠲᠠᠲᠠᠬᠤ᠂ ᠳᠢᠭᠯᠡᠬᠦ ᠠᠵᠢᠯ ᠤᠳ ᠢ ᠭᠦᠢᠴᠡᠳᠬᠡᠵᠦ ᠬᠠᠭᠠᠯᠭ᠎ᠠ ᠪᠠᠨ ᠨᠡᠭᠡᠭᠡᠬᠦ ᠳᠤ ᠪᠡᠯᠡᠨ ᠪᠣᠯᠵᠠᠢ᠃ ᠮᠦᠽᠧᠢ ᠶᠢ ᠶᠡᠷᠦᠩᠬᠡᠶᠢᠯᠡᠭᠴᠢ ᠤ᠊ · ᠬᠦᠷᠡᠯᠰᠦ᠋ᠬᠡ ᠨᠡᠭᠡᠭᠡᠵᠦ᠂ ᠨᠡᠭᠡᠭᠡᠯᠲᠡ ᠶᠢ ᠲᠥᠷᠦ ᠶᠢᠨ ᠶᠣᠰᠣᠯᠠᠯ ᠤᠨ ᠲᠦᠪᠰᠢᠨ ᠳᠤ ᠵᠣᠬᠢᠶᠠᠨ ᠪᠠᠶᠢᠭᠤᠯᠬᠤ ᠶᠤᠮ᠃

ᠰᠡᠳᠬᠢᠭᠳᠡᠯ ᠦᠯᠡᠳᠡᠭᠡᠬᠦ