ᠠᠽᠢᠶ᠎ᠠ᠂ ᠨᠤᠮᠦᠬᠠᠠ ᠳᠠᠯᠠᠢ ᠶᠢᠨ ᠰᠠᠶᠢᠳ ᠨᠠᠷ ᠤᠨ ᠪᠠᠭ᠎ᠠ ᠬᠤᠷᠠᠯ ᠦᠷᠭᠦᠯᠵᠢᠯᠡᠵᠦ ᠪᠠᠶᠢᠨ᠎ᠡ | News.MN

ᠠᠽᠢᠶ᠎ᠠ᠂ ᠨᠤᠮᠦᠬᠠᠠ ᠳᠠᠯᠠᠢ ᠶᠢᠨ ᠰᠠᠶᠢᠳ ᠨᠠᠷ ᠤᠨ ᠪᠠᠭ᠎ᠠ ᠬᠤᠷᠠᠯ ᠦᠷᠭᠦᠯᠵᠢᠯᠡᠵᠦ ᠪᠠᠶᠢᠨ᠎ᠡ

ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠭᠠᠮᠰᠢᠭ ᠤᠨ ᠡᠷᠡᠰᠳᠡᠯ ᠢ ᠪᠠᠭᠤᠷᠠᠭᠤᠯᠬᠤ ᠭᠠᠵᠠᠷ ᠠᠴᠠ ᠠᠦ᠋ᠰᠲᠷᠠᠯᠢᠶ᠎ᠠ ᠶᠢᠨ ᠬᠤᠯᠪᠤᠭᠠᠨ ᠤ ᠤᠯᠤᠰ ᠲᠠᠢ ᠬᠠᠮᠲᠤᠷᠠᠨ ᠲᠤᠰ ᠤᠯᠤᠰ ᠤᠨ  ᠪᠷᠢᠰᠪᠧᠨ ᠬᠤᠲᠠᠨ᠎ᠠ  ᠶᠢᠰᠦᠳᠦᠭᠡᠷ ᠰᠠᠷ᠎ᠠ ᠶᠢᠨ 19-22 ᠤ ᠡᠳᠦᠷ ᠤᠳ ᠲᠤ ᠭᠠᠮᠰᠢᠭ ᠤᠨ ᠡᠷᠡᠰᠳᠡᠯ ᠢ ᠪᠠᠭᠤᠷᠠᠭᠤᠯᠬᠤ ᠠᠽᠢᠶ᠎ᠠ᠂ ᠨᠤᠮᠦᠬᠠᠠ ᠳᠠᠯᠠᠢ ᠶᠢᠨ ᠣᠷᠣᠨ ᠨᠤᠭᠤᠳ ᠤᠨ ᠰᠠᠶᠢᠳ ᠨᠠᠷ ᠤᠨ ᠪᠠᠭ᠎ᠠ ᠬᠤᠷᠠᠯ ᠢ ᠵᠣᠬᠢᠶᠠᠨ ᠪᠠᠶᠢᠭᠤᠯᠵᠤ ᠪᠠᠶᠢᠨ᠎ᠡ᠃ ᠡᠨᠡ ᠬᠦ ᠪᠠᠭ᠎ᠠ ᠬᠤᠷᠠᠯ ᠳᠤ ᠰᠢᠳᠠᠷ ᠰᠠᠶᠢᠳ ᠰ᠊ ·ᠠᠮᠤᠷᠰᠠᠶᠢᠬᠠᠨ᠂  ᠣᠨᠴᠠᠭᠠᠢ ᠪᠠᠶᠢᠳᠠᠯ ᠤᠨ ᠶᠡᠷᠦᠩᠬᠡᠶ ᠭᠠᠵᠠᠷ ᠤᠨ ᠳᠠᠷᠤᠭ᠎ᠠ᠂ ᠬ᠋᠊ ·ᠠᠷᠢᠭᠤᠨᠪᠤᠶᠠᠨ ᠲᠡᠷᠢᠭᠦᠲᠡᠢ ᠲᠥᠯᠦᠭᠡᠯᠡᠭᠴᠢᠳ ᠣᠷᠣᠯᠴᠠᠵᠤ ᠪᠠᠶᠢᠨ᠎ᠡ᠃

ᠲᠤᠰ ᠬᠤᠷᠠᠯ ᠤᠨ︽ ᠰᠧᠨᠳᠡᠢ ᠶᠢᠨ ᠳᠤᠮᠳᠠ ᠬᠤᠭᠤᠴᠠᠭᠠᠨ ᠤ ᠲᠠᠶᠢᠯᠤᠨ︾ᠰᠡᠳᠦᠪᠲᠦ ᠰᠠᠯᠪᠤᠷᠢ ᠬᠤᠷᠠᠯᠳᠤᠭᠠᠨ ᠢ ᠮᠣᠩᠭᠤᠯ ᠤᠯᠤᠰ ᠤᠨ ᠰᠢᠳᠠᠷ ᠰᠠᠶᠢᠳ ᠰ᠊ · ᠠᠮᠤᠷᠰᠠᠶᠢᠬᠠᠨ ᠨᠡᠭᠡᠭᠡᠵᠦ ᠦᠭᠡ ᠬᠡᠯᠡᠬᠦ ᠳᠦ ᠪᠠᠨ᠄ ᠠᠽᠢᠶ᠎ᠠ᠂ ᠨᠤᠮᠦᠬᠠᠠ ᠳᠠᠯᠠᠢ ᠶᠢᠨ ᠪᠦᠰᠡ ᠶᠢᠨ ᠭᠠᠮᠰᠢᠭ ᠤᠨ ᠡᠷᠡᠰᠳᠡᠯ ᠢ ᠪᠠᠭᠤᠷᠠᠭᠤᠯᠬᠤ᠂ ᠲᠦᠩᠰᠢᠯᠡᠯ ᠬᠠᠮᠲᠤ ᠶᠢᠨ ᠠᠵᠢᠯᠯᠠᠭ᠎ᠠ ᠶᠢ ᠪᠠᠬᠢᠵᠢᠭᠦᠯᠬᠦ ᠳᠤ ᠮᠣᠩᠭᠤᠯ ᠤᠯᠤᠰ ᠤᠨ ᠵᠠᠰᠠᠭ ᠤᠨ ᠭᠠᠵᠠᠷ ᠪᠦᠰᠡ ᠨᠤᠲᠤᠭ ᠤᠨ  ᠤᠯᠤᠰ ᠣᠷᠣᠨ ᠨᠤᠭᠤᠳ ᠲᠠᠢ ᠴᠢᠨᠠᠭᠰᠢᠳᠠ ᠴᠤ ᠪᠦᠬᠦ ᠲᠠᠯ᠎ᠠ ᠪᠠᠷ ᠬᠠᠮᠲᠤᠷᠠᠨ ᠠᠵᠢᠯᠯᠠᠬᠤ ᠳᠠᠭᠠᠨ ᠲᠠᠭᠠᠲᠠᠢ ᠪᠠᠶᠢᠬᠤ ᠪᠣᠯᠤᠨ᠎ᠠ ᠭᠡᠰᠡᠨ ᠶᠤᠮ᠃

ᠰᠡᠳᠬᠢᠭᠳᠡᠯ ᠦᠯᠡᠳᠡᠭᠡᠬᠦ