︽ ᠠᠭᠤᠯᠠ ᠠᠭᠤᠷᠬᠠᠢ ᠶᠢᠨ ᠳᠣᠯᠤᠭ᠎ᠠ ᠬᠤᠨᠤᠭ︾ᠠᠷᠭ᠎ᠠ ᠭᠡᠮᠵᠢᠶ᠎ᠠ︽ᠱᠠᠩᠷᠢᠯᠠ︾ᠵᠣᠴᠢᠳ ᠪᠠᠭᠤᠳᠠᠯ ᠳᠤ ᠥᠨᠥᠳᠥᠷ ᠡᠬᠢᠯᠡᠯ᠎ᠡ᠃ ᠠᠭᠤᠯᠠ ᠠᠭᠤᠷᠬᠠᠢ ᠬᠦᠨᠳᠦ ᠦᠢᠯᠡᠳᠪᠤᠷᠢ ᠶᠢᠨ ᠶᠠᠮᠤᠨ᠂︽ᠤᠭ᠍ᠶᠤᠲᠤᠯᠤᠭᠠᠢ︾ᠺᠣᠮᠫᠠᠨᠢ ᠠᠴᠠ ᠵᠣᠬᠢᠶᠠᠨ ᠪᠠᠶᠢᠭᠤᠯᠵᠤ ᠪᠠᠶᠢᠭ᠎ᠠ︽ᠳᠣᠯᠤᠭ᠎ᠠ ᠬᠤᠨᠤᠭ︾ ᠢᠶᠠᠷ ᠠᠭᠤᠯᠠ ᠠᠭᠤᠷᠬᠠᠢ ᠶᠢᠨ ᠰᠠᠯᠪᠤᠷᠢ ᠶᠢᠨ ᠥᠨᠦ ᠶᠢᠨ ᠪᠠᠶᠢᠳᠠᠯ᠂ ᠬᠥᠭᠵᠢᠯ ᠤᠨ ᠬᠡᠯᠡᠯᠴᠡᠭᠦᠯᠭᠡ ᠠᠭᠤᠯᠵᠠᠯᠲᠠ ᠦᠷᠭᠦᠯᠵᠢᠯᠡᠵᠦ᠂ ᠦᠵᠡᠰᠬᠦᠯᠡᠩ ᠭᠠᠷᠴᠤ ᠪᠠᠶᠢᠨ᠎ᠡ᠃
ᠡᠨᠡ ᠣᠨ ᠤ ᠡᠬᠢᠨ ᠤ 8 ᠰᠠᠷ᠎ᠠ ᠳᠤ ᠮᠠᠨ ᠤ ᠤᠯᠤᠰ 14.9 ᠰᠠᠶ᠎ᠠ ᠲᠣᠨ ᠨᠡᠭᠦᠷᠡᠰᠦ ᠭᠠᠷᠭᠠᠭᠠᠳ ᠪᠠᠶᠢᠨ᠎ᠡ᠃ ᠡᠺᠰᠫᠣᠷᠲ ᠤᠨ ᠪᠡᠶᠡᠲᠦ ᠬᠡᠮᠵᠢᠶ᠎ᠡ ᠶᠢ ᠡᠮᠦᠨᠡᠬᠢ ᠣᠨ ᠤ ᠮᠦᠠ ᠦᠶ᠎ᠡ ᠲᠠᠢ ᠬᠠᠷᠢᠴᠠᠭᠤᠯᠬᠤ ᠳᠤ 35.3 ᠬᠤᠪᠢ ᠪᠠᠷ ᠥᠰᠦᠭᠡᠳ ᠪᠠᠶᠢᠭ᠎ᠠ ᠪᠣᠯ ᠡᠺᠰᠫᠣᠷᠲ ᠤᠨ ᠨᠡᠶᠢᠲᠡ ᠳ᠋ᠦᠩ 200 ᠬᠤᠪᠢ ᠪᠠᠷ ᠪᠤᠶᠤ ᠭᠤᠷᠪᠠ ᠳᠠᠬᠢᠨ ᠨᠡᠮᠡᠭᠳᠡᠵᠡᠢ᠃ ᠡᠭᠦᠨ ᠤ 91 ᠬᠤᠪᠢ ᠪᠤᠶᠤ 13.5 ᠰᠠᠶ᠎ᠠ ᠲᠣᠨ ᠢ ᠬᠢᠲᠠᠳ ᠤᠷᠤᠭᠤ ᠭᠠᠷᠭᠠᠭᠠᠳ ᠪᠠᠶᠢᠨ᠎ᠡ᠃