ᠤ᠊ ∙ᠬᠦᠷᠡᠯᠰᠦ᠋ᠬᠡ ᠧᠦ᠋ᠷᠣᠫᠠ ᠶᠢᠨ ᠺᠣᠮᠢᠰ ᠤᠨ ᠶᠡᠷᠦᠩᠬᠡᠶᠢᠯᠡᠭᠴᠢ ᠲᠡᠢ ᠠᠭᠤᠯᠵᠠᠪᠠ | News.MN

ᠤ᠊ ∙ᠬᠦᠷᠡᠯᠰᠦ᠋ᠬᠡ ᠧᠦ᠋ᠷᠣᠫᠠ ᠶᠢᠨ ᠺᠣᠮᠢᠰ ᠤᠨ ᠶᠡᠷᠦᠩᠬᠡᠶᠢᠯᠡᠭᠴᠢ ᠲᠡᠢ ᠠᠭᠤᠯᠵᠠᠪᠠ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 77 ᠳ᠋ᠤᠭᠠᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠦ ᠤᠷᠤᠯᠴᠠᠬᠤ ᠦᠶ᠎ᠡ ᠪᠡᠷ ᠢᠶᠡᠨ ᠧᠦ᠋ᠷᠣᠫᠠ ᠶᠢᠨ ᠺᠣᠮᠢᠰ ᠤᠨ ᠶᠡᠷᠦᠩᠬᠡᠶᠢᠯᠡᠭᠴᠢ ᠤᠷᠰᠤᠯᠠ ᠹᠣᠨ ᠳ᠋ᠧᠷ ᠯᠠᠢᠨ ᠲᠡᠢ ᠠᠭᠤᠯᠵᠠᠯ᠎ᠠ᠃
ᠮᠣᠩᠭᠣᠯ ᠤᠯᠤᠰ ᠤᠨ ᠶᠡᠷᠦᠩᠬᠡᠶᠢᠯᠡᠭᠴᠢ ᠡᠨᠡ ᠦᠶ᠎ᠡ ᠪᠡᠷ ᠮᠣᠩᠭᠣᠯ ᠤᠯᠤᠰ ᠤᠨ《ᠭᠤᠷᠪᠠᠳᠠᠭᠴᠢ ᠬᠥᠷᠰᠢ》 ᠧᠦ᠋ᠷᠣᠫᠠ ᠶᠢᠨ ᠬᠣᠯᠪᠣᠭ᠎ᠠ᠂ ᠲᠡᠭᠦᠨ ᠦ ᠭᠡᠰᠢᠭᠦᠨ ᠣᠷᠣᠨ ᠨᠤᠭᠤᠳ ᠲᠠᠢ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠨᠢ ᠭᠠᠳᠠᠭᠠᠳᠤ ᠪᠣᠳᠣᠯᠭ᠎ᠠ ᠶᠢᠨ ᠲᠡᠷᠢᠭᠦᠯᠡᠬᠦ ᠵᠣᠷᠢᠯᠲᠠ ᠨᠤᠭᠤᠳ ᠤᠨ ᠨᠢᠭᠡ᠃ ᠮᠠᠨ ᠤ ᠤᠯᠤᠰ ᠤᠨ ᠠᠷᠠᠳᠴᠢᠯᠠᠯ᠂ ᠨᠡᠶᠢᠭᠡᠮ ᠤᠨ ᠰᠢᠯᠵᠢᠯᠲᠡ ᠶᠢ ᠧᠦ᠋ᠷᠣᠫᠠ ᠶᠢᠨ ᠬᠣᠯᠪᠣᠭ᠎ᠠ ᠨᠢ ᠲᠤᠤᠱᠲᠠᠢ ᠳᠡᠮᠵᠢᠳᠡᠭ ᠢ ᠣᠨᠴᠠᠯᠠᠨ ᠲᠡᠮᠳᠡᠭᠯᠡᠪᠡ᠃
ᠧᠦ᠋ᠷᠣᠫᠠ ᠶᠢᠨ ᠺᠣᠮᠢᠰ ᠤᠨ ᠶᠡᠷᠦᠩᠬᠡᠶᠢᠯᠡᠭᠴᠢ ᠤᠷᠰᠤᠯᠠ ᠹᠣᠨ ᠳ᠋ᠧᠷ ᠯᠠᠢᠨ ᠣᠯᠠᠨ ᠤᠯᠤᠰ ᠤᠨ ᠬᠠᠷᠢᠯᠴᠠᠭᠠᠨ ᠤ ᠥᠨᠥ ᠶᠢᠨ ᠨᠥᠬᠥᠴᠡᠯ ᠪᠠᠶᠢᠳᠠᠯ ᠳᠤ ᠮᠣᠩᠭᠣᠯ ᠤᠯᠤᠰ ᠤᠨ ᠶᠠᠪᠤᠭᠤᠯᠵᠤ ᠪᠤᠢ ᠪᠡᠶ᠎ᠡ ᠳᠠᠭᠠᠭᠠᠭᠰᠠᠨ᠂ ᠨᠡᠭᠡᠭᠡᠯᠲᠡ ᠲᠡᠢ᠂ ᠡᠩᠬᠡ ᠶᠢ ᠡᠷᠬᠢᠮᠯᠡᠭᠰᠡᠨ᠂ ᠣᠯᠠᠨ ᠲᠤᠯᠭᠠᠭᠤᠷᠢᠲᠤ ᠭᠠᠳᠠᠭᠠᠳᠤ ᠪᠣᠳᠣᠯᠭ᠎ᠠ ᠶᠢᠨ ᠠᠴᠢ ᠬᠣᠯᠪᠣᠭᠳᠠᠯ ᠢ ᠣᠨᠴᠠᠯᠠᠵᠤ᠂ ᠭᠠᠵᠠᠷ ᠵᠦᠢ ᠶᠢᠨ ᠪᠠᠶᠢᠷᠢᠯᠠᠯ ᠤᠨ ᠣᠨᠴᠠᠯᠢᠭ ᠢ ᠪᠦᠷᠢᠨ ᠣᠶᠢᠯᠠᠭᠠᠵᠤ᠂ ᠬᠦᠨᠳᠦᠳᠭᠡᠵᠦ ᠪᠤᠢ  ᠪᠠᠨ ᠬᠡᠯᠡᠯ᠎ᠡ᠃
ᠴᠢᠨᠠᠭᠰᠢᠳᠠ ᠬᠣᠶᠠᠷ ᠲᠠᠯ᠎ᠠ ᠶᠢᠨ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠤᠯᠠᠮ ᠪᠦᠷ ᠡᠷᠴᠢᠮᠵᠢᠭᠦᠯᠵᠦ᠂ ᠡᠷᠴᠢᠮ ᠬᠦᠴᠦ᠂ ᠨᠣᠭᠣᠭᠠᠨ ᠬᠥᠭᠵᠢᠯ ᠦᠨ ᠰᠠᠯᠪᠤᠷᠢ ᠳᠤ ᠬᠠᠮᠲᠤᠷᠠᠨ ᠠᠵᠢᠯᠯᠠᠬᠤ ᠥᠷᠭᠡᠨ ᠪᠣᠯᠤᠮᠵᠢ ᠲᠠᠢ ᠶᠢ ᠣᠨᠴᠠᠯᠠᠨ ᠲᠡᠮᠳᠡᠭᠯᠡᠪᠡ᠃ ᠲᠤᠬᠠᠶᠢᠯᠠᠪᠠᠯ᠂ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠰᠠᠨᠠᠭᠠᠴᠢᠯᠠᠭᠰᠠᠨ 《ᠲᠡᠷᠪᠤᠮ ᠮᠣᠳᠣ》ᠦᠨᠳᠦᠰᠦᠨ ᠦ ᠬᠥᠳᠡᠯᠭᠡᠭᠡᠨ ᠢ ᠳᠡᠮᠵᠢᠵᠦ ᠪᠠᠶᠢᠭ᠎ᠠ ᠪᠠᠨ ᠬᠡᠯᠡᠯ᠎ᠡ᠃

ᠰᠡᠳᠬᠢᠭᠳᠡᠯ ᠦᠯᠡᠳᠡᠭᠡᠬᠦ