ᠮᠣᠩᠭᠣᠯ ᠤᠨ ᠵᠢᠭᠤᠯᠴᠢᠳ ᠭᠠᠩᠸᠣᠨ ᠮᠤᠵᠢ ᠳᠤ 15 ᠬᠦᠷᠲᠡᠯ᠎ᠡ ᠬᠣᠨᠣᠭ ᠸᠢᠽ ᠦᠭᠡᠢ ᠵᠣᠷᠴᠢᠨ᠎ᠠ | News.MN

ᠮᠣᠩᠭᠣᠯ ᠤᠨ ᠵᠢᠭᠤᠯᠴᠢᠳ ᠭᠠᠩᠸᠣᠨ ᠮᠤᠵᠢ ᠳᠤ 15 ᠬᠦᠷᠲᠡᠯ᠎ᠡ ᠬᠣᠨᠣᠭ ᠸᠢᠽ ᠦᠭᠡᠢ ᠵᠣᠷᠴᠢᠨ᠎ᠠ

ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ ᠵᠠᠰᠠᠭ ᠤᠨ ᠭᠠᠵᠠᠷ ᠤᠨ ᠰᠢᠢᠳᠪᠦᠷᠢ ᠪᠡᠷ ᠮᠣᠩᠭᠣᠯ᠂ ᠸᠢᠶᠧᠲ᠋ᠨᠠᠮ᠂ ᠹᠢᠯᠢᠫᠢᠨ᠂ ᠢᠨᠳᠥᠶᠢᠨᠧᠽ ᠵᠡᠷᠭᠡ ᠵᠠᠷᠢᠮ ᠤᠯᠤᠰ ᠤᠨ ᠵᠢᠭᠤᠯᠴᠢᠳ ᠰᠣᠯᠣᠩᠭᠣᠰ ᠤᠨ ᠭᠠᠩᠸᠣᠨ ᠮᠤᠵᠢ ᠶᠢᠨ ᠶᠠᠨᠶᠠᠩ ᠣᠯᠠᠨ ᠤᠯᠤᠰ ᠤᠨ ᠨᠢᠰᠬᠦ ᠣᠩᠭᠣᠴᠠᠨ ᠤ ᠪᠠᠭᠤᠳᠠᠯ ᠢᠶᠠᠷ ᠳᠠᠮᠵᠢᠨ 15 ᠬᠦᠷᠲᠡᠯ᠎ᠡ ᠬᠣᠨᠣᠭ ᠸᠢᠽ ᠦᠭᠡᠢ ᠵᠣᠷᠴᠢᠬᠤ ᠪᠣᠯᠤᠮᠵᠢ ᠲᠠᠢ ᠪᠣᠯᠤᠯ᠎ᠠ᠃ ᠡᠨᠡ ᠬᠦ ᠰᠢᠢᠳᠪᠦᠷᠢ ᠨᠢ 2022 ᠣᠨ ᠤ 10 ᠳ᠋ᠤᠭᠠᠷ ᠰᠠᠷ᠎ᠠ ᠶᠢᠨ ᠨᠢᠭᠡᠨ ᠡᠴᠡ 2023 ᠣᠨ ᠤ 5 ᠳ᠋ᠤᠭᠠᠷ ᠰᠠᠷ᠎ᠠ ᠶᠢᠨ 31 ᠬᠦᠷᠲᠡᠯ᠎ᠡ ᠬᠦᠴᠦᠨ ᠲᠡᠭᠦᠯᠳᠡᠷ ᠦᠢᠯᠡᠴᠢᠯᠡᠨ᠎ᠡ᠃
ᠳᠡᠭᠡᠷᠡᠬᠢ ᠰᠢᠢᠳᠪᠦᠷᠢ ᠳᠦ ᠮᠣᠩᠭᠣᠯ ᠤᠯᠤᠰ ᠤᠨ ᠲᠠᠪᠤ ᠪᠤᠶᠤ ᠲᠡᠭᠦᠨ ᠡᠴᠡ ᠳᠡᠭᠡᠭᠰᠢ ᠬᠦᠮᠦᠨ ᠦ ᠪᠦᠷᠢᠯᠳᠦᠬᠦᠨ ᠲᠡᠢ ᠪᠦᠯᠦᠭ ᠵᠢᠭᠤᠯᠴᠢᠳ ᠬᠠᠮᠢᠶᠠᠷᠬᠤ ᠪᠥᠭᠡᠳ ᠠᠶᠠᠯᠠᠯ ᠵᠢᠭᠤᠯᠴᠢᠯᠠᠯ ᠤᠨ ᠺᠤᠮᠫᠠᠨᠢ ᠪᠠᠷ ᠳᠠᠮᠵᠢᠭᠤᠯᠤᠨ ᠠᠶᠠᠯᠠᠯ ᠤᠨ ᠬᠥᠲᠥᠯᠪᠦᠷᠢ ᠲᠥᠯᠥᠪᠯᠡᠭᠰᠡᠨ ᠪᠠᠶᠢᠬᠤ᠂ ᠵᠥᠪᠬᠡᠨ  ᠶᠠᠨᠶᠠᠩ ᠣᠯᠠᠨ ᠤᠯᠤᠰ ᠤᠨ ᠨᠢᠰᠬᠦ ᠣᠩᠭᠣᠴᠠᠨ ᠤ ᠪᠠᠭᠤᠳᠠᠯ ᠳᠤ ᠨᠢᠰᠦᠯᠭᠡ ᠪᠡᠷ ᠪᠦᠭᠦᠳᠡ ᠢᠷᠡᠵᠦ᠂ ᠪᠦᠷᠢᠨ ᠪᠦᠷᠢᠯᠳᠦᠬᠦᠨ ᠢᠶᠡᠷ ᠢᠶᠡᠨ ᠡᠬᠡ ᠣᠷᠣᠨ ᠳᠤ ᠪᠠᠨ ᠪᠤᠴᠠᠬᠤ ᠵᠡᠷᠭᠡ ᠱᠠᠭᠠᠷᠳᠠᠯᠭ᠎ᠠ ᠲᠠᠢ᠃

ᠰᠡᠳᠬᠢᠭᠳᠡᠯ ᠦᠯᠡᠳᠡᠭᠡᠬᠦ