︽ᠤᠭ᠍ᠶᠤᠲᠤᠯᠤᠭᠠᠢ︾ ᠶᠢᠨ ᠪᠦᠲᠦᠭᠡᠨ ᠪᠠᠶᠢᠭᠤᠯᠤᠯᠲᠠ ᠳᠤ ᠰᠡᠳᠬᠢᠯ ᠬᠠᠩᠭᠠᠯᠤᠭᠤᠨ ᠪᠠᠶᠢᠨ᠎ᠠ | News.MN

 ︽ᠤᠭ᠍ᠶᠤᠲᠤᠯᠤᠭᠠᠢ︾ ᠶᠢᠨ ᠪᠦᠲᠦᠭᠡᠨ ᠪᠠᠶᠢᠭᠤᠯᠤᠯᠲᠠ ᠳᠤ ᠰᠡᠳᠬᠢᠯ ᠬᠠᠩᠭᠠᠯᠤᠭᠤᠨ ᠪᠠᠶᠢᠨ᠎ᠠ

ᠮᠣᠩᠭᠣᠯ ᠤᠯᠤᠰ ᠤᠨ ᠰᠢᠳᠠᠷ ᠰᠠᠶᠢᠳ ᠰ∙ᠠᠮᠤᠷᠰᠠᠶᠢᠬᠠᠨ ᠠᠦᠢᠰᠲᠷᠠᠯᠢᠶ᠎ᠠ ᠶᠢᠨ ᠬᠣᠯᠪᠣᠭᠠᠨ ᠤ ᠤᠯᠤᠰ ᠲᠤ ᠬᠢᠵᠦ ᠪᠤᠢ ᠠᠶᠢᠯᠴᠢᠯᠠᠯ ᠤᠨ ᠢᠶᠠᠨ ᠬᠦᠷᠢᠶᠡᠨ ᠳᠦ ᠷᠢᠤ᠋ ᠲᠢᠨᠲ᠋ᠤ᠋ ᠺᠣᠮᠫᠠᠨᠢ ᠶᠢᠨ ᠠᠦᠢᠰᠲᠷᠠᠯᠢᠶ᠎ᠠ ᠶᠢ ᠬᠠᠷᠢᠭᠤᠴᠠᠭᠰᠠᠨ ᠭᠦᠢᠴᠡᠳᠭᠡᠬᠦ ᠵᠠᠬᠢᠷᠤᠯ ᠺᠧᠯᠯᠢ ᠫᠠᠷᠺᠧᠷ ᠲᠠᠢ   ᠡᠨᠡ ᠰᠠᠷ᠎ᠠ ᠶᠢᠨ 20  ᠳᠦ ᠠᠭᠤᠯᠵᠠᠯ᠎ᠠ᠃
ᠠᠭᠤᠯᠵᠠᠯᠲᠠ ᠪᠠᠷ ᠬᠤᠶᠠᠷ ᠲᠠᠯ᠎ᠠ︽ᠤᠭ᠍ᠶᠤᠲᠤᠯᠤᠭᠠᠢ︾ᠲᠥᠰᠥᠯ ᠦᠨ ᠳᠠᠯᠳᠠ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠮᠵᠢᠯᠲᠠ ᠲᠠᠢ ᠬᠡᠷᠡᠭᠵᠢᠭᠦᠯᠵᠦ ᠪᠤᠢ ᠳᠤ ᠰᠡᠳᠬᠢᠯ ᠬᠠᠩᠭᠠᠯᠤᠭᠤᠨ ᠪᠠᠶᠢᠭ᠎ᠠ ᠪᠠᠨ ᠢᠯᠡᠷᠬᠡᠶᠢᠯᠡᠵᠦ᠂ ᠴᠢᠨᠠᠭᠰᠢᠳᠠ ᠬᠠᠷᠢᠯᠴᠠᠨ ᠠᠰᠢᠭᠲᠠᠢ᠂ ᠨᠡᠭᠡᠭᠡᠯᠲᠡ ᠲᠡᠢ᠂ ᠤᠷᠲᠤ ᠬᠤᠭᠤᠴᠠᠭᠠᠨ ᠤ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠶᠢᠨ ᠲᠥᠯᠥᠭᠡ ᠦᠷᠭᠦᠯᠵᠢᠯᠡᠭᠦᠯᠦᠨ ᠬᠦᠴᠦᠨ ᠴᠢᠷᠮᠠᠶᠢᠯᠲᠠ ᠭᠠᠷᠭᠠᠨ ᠠᠵᠢᠯᠯᠠᠬᠤ ᠪᠠᠨ ᠨᠣᠲᠠᠯᠠᠪᠠ᠃

ᠰᠡᠳᠬᠢᠭᠳᠡᠯ ᠦᠯᠡᠳᠡᠭᠡᠬᠦ