ᠬᠥᠳᠡᠭᠡ ᠠᠵᠤ ᠠᠬᠤᠢ ᠶᠢᠨ ᠶᠡᠬᠡ ᠰᠤᠷᠭᠠᠭᠤᠯᠢ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ JH ENERGY ᠺᠣᠮᠫᠠᠨᠢ᠂ ᠣᠯᠠᠨ ᠤᠯᠤᠰ ᠤᠨ ᠲᠠᠷᠢᠮᠠᠯ ᠰᠤᠳᠤᠯᠤᠯ ᠤᠨ ᠬᠦᠷᠢᠶᠡᠯᠡᠩ᠂ ᠭᠠᠴᠤᠨ ᠶᠡᠬᠡ ᠰᠤᠷᠭᠠᠭᠤᠯᠢ ᠲᠠᠢ ᠬᠠᠮᠲᠤᠷᠠᠨ ᠬᠡᠷᠡᠭᠵᠢᠭᠦᠯᠵᠦ ᠪᠤᠢ《ᠨᠠᠷᠠᠨ ᠤ ᠡᠷᠴᠢᠮ ᠬᠦᠴᠦ ᠦᠢᠯᠡᠳᠪᠦᠷᠢᠯᠡᠬᠦ ᠰᠢᠰᠲ᠋ᠧᠮ ᠳᠦ ᠰᠠᠭᠤᠷᠢᠯᠠᠭᠰᠠᠨ ᠮᠣᠩᠭᠣᠯ ᠤᠨ ᠨᠥᠬᠥᠴᠡᠯ ᠳᠦ ᠲᠣᠬᠢᠷᠠᠭᠰᠠᠨ ᠤᠬᠠᠭᠠᠯᠢᠭ ᠬᠦᠯᠡᠮᠵᠢ ᠶᠢᠨ ᠠᠵᠤ ᠠᠬᠤᠢ ᠶᠢ ᠬᠥᠭᠵᠢᠭᠦᠯᠬᠦ》ᠲᠥᠰᠥᠯ ᠦᠨ ᠪᠦᠲᠦᠭᠡᠨ ᠪᠠᠶᠢᠭᠤᠯᠤᠯᠲᠠ ᠶᠢᠨ ᠨᠡᠭᠡᠭᠡᠯᠲᠡ 09 ᠰᠠᠷ᠎ᠠ ᠶᠢᠨ20 ᠳᠦ ᠪᠣᠯᠵᠠᠢ᠃
ᠲᠤᠰ ᠤᠬᠠᠭᠠᠯᠢᠭ ᠬᠦᠯᠡᠮᠵᠢ ᠨᠢ ᠨᠠᠷᠠᠨ ᠤ ᠡᠨᠧᠷᠭᠢ ᠪᠡᠷ ᠰᠡᠷᠭᠦᠭᠡᠭᠳᠡᠬᠦ ᠡᠷᠴᠢᠮ ᠬᠦᠴᠦ ᠦᠢᠯᠡᠳᠪᠦᠷᠢᠯᠡᠨ ᠬᠦᠯᠡᠮᠵᠢ ᠶᠢᠨ ᠠᠵᠤ ᠠᠬᠤᠢ ᠶᠢᠨ ᠬᠡᠪ ᠦᠨ ᠦᠢᠯᠡ ᠠᠵᠢᠯᠯᠠᠭ᠎ᠠ ᠶᠢ ᠬᠠᠩᠭᠠᠬᠤ ᠶᠢᠨ ᠵᠡᠷᠭᠡᠴᠡᠭᠡ ᠢᠯᠡᠭᠦᠳᠡᠯ ᠡᠷᠴᠢᠮ ᠬᠦᠴᠦ ᠪᠡᠨ ᠤᠯᠤᠰ ᠲᠤ ᠨᠡᠶᠢᠯᠡᠭᠦᠯᠬᠦ ᠪᠣᠯᠤᠮᠵᠢ ᠲᠠᠢ᠃ ᠮᠥᠨ ᠮᠣᠩᠭᠣᠯ ᠣᠷᠣᠨ ᠤ ᠣᠨᠴᠠᠯᠢᠭ ᠲᠤ ᠲᠣᠬᠢᠷᠠᠭᠰᠠᠨ ᠤᠬᠠᠭᠠᠯᠢᠭ ᠬᠦᠯᠡᠮᠵᠢ ᠶᠢᠨ ᠵᠢᠱᠢᠭ ᠵᠠᠭᠪᠤᠷ ᠪᠤᠯᠬᠤ ᠪᠥᠭᠡᠳ ᠴᠢᠳᠠᠪᠤᠷᠢᠯᠢᠭ ᠪᠣᠯᠪᠠᠰᠤᠨ ᠬᠦᠴᠦᠨ ᠪᠡᠯᠡᠳᠬᠡᠬᠦ᠂ ᠵᠢᠯ ᠦᠨ ᠲᠤᠷᠰᠢ ᠲᠠᠰᠤᠷᠠᠯᠲᠠ ᠦᠭᠡᠢ ᠲᠠᠷᠢᠶᠠᠯᠠᠯᠲᠠ ᠬᠢᠬᠦ ᠪᠣᠯᠤᠮᠵᠢ ᠲᠠᠢ ᠲᠠᠷᠢᠮᠠᠯ ᠤᠨ ᠠᠵᠤ ᠠᠬᠤᠢ ᠶᠢ ᠬᠥᠭᠵᠢᠭᠦᠯᠬᠦ ᠳᠦ ᠦᠨᠡᠲᠡᠢ ᠬᠤᠪᠢ ᠨᠡᠮᠡᠷᠢ ᠤᠷᠤᠭᠤᠯᠤᠨ᠎ᠠ᠃