ᠪ ∙ ᠪᠠᠲᠤᠴᠡᠴᠡᠭ ᠰᠠᠶᠢᠳ ᠭᠠᠳᠠᠭᠠᠳᠤ ᠬᠡᠷᠡᠭ ᠤᠨ ᠡᠮᠡᠭᠳᠡᠢ ᠰᠠᠶᠢᠳ ᠨᠠᠷ ᠤᠨ ᠠᠭᠤᠯᠵᠠᠯᠲᠠ ᠳᠤ ᠣᠷᠣᠯᠴᠠᠪᠠ | News.MN

ᠪ ∙ ᠪᠠᠲᠤᠴᠡᠴᠡᠭ ᠰᠠᠶᠢᠳ ᠭᠠᠳᠠᠭᠠᠳᠤ ᠬᠡᠷᠡᠭ ᠤᠨ ᠡᠮᠡᠭᠳᠡᠢ ᠰᠠᠶᠢᠳ ᠨᠠᠷ ᠤᠨ ᠠᠭᠤᠯᠵᠠᠯᠲᠠ ᠳᠤ ᠣᠷᠣᠯᠴᠠᠪᠠ

ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ ᠶᠡᠷᠦᠩᠬᠡᠶ ᠠᠰᠰᠡᠮᠪᠯᠸᠢ ᠶᠢᠨ 77 ᠳ᠋ᠤᠭᠠᠷ ᠴᠢᠭᠤᠯᠭᠠᠨ ᠤ ᠶᠡᠷᠦᠩᠬᠡᠶ ᠰᠠᠨᠠᠯ ᠰᠢᠭᠦᠮᠵᠢᠯᠡᠯ ᠤᠨ ᠦᠶ᠎ᠡ ᠪᠠᠷ᠂ ᠡᠨᠡ ᠰᠠᠷ᠎ᠠ ᠶᠢᠨ 20 ᠤ ᠡᠳᠦᠷ ᠯᠢᠾᠲᠸᠨᠱᠲ᠋ᠡᠢᠨ᠂ ᠰᠸᠧᠳ᠋ᠸᠠ ᠤᠯᠤᠰ ᠤᠨ ᠪᠠᠶᠢᠩᠭᠤ ᠶᠢᠨ ᠲᠥᠯᠥᠭᠡᠯᠡᠭᠴᠢ ᠶᠢᠨ ᠭᠠᠵᠠᠷ ᠠᠴᠠ ᠬᠠᠮᠲᠤᠷᠠᠨ ᠵᠣᠬᠢᠶᠠᠨ ᠪᠠᠶᠢᠭᠤᠯᠤᠭᠰᠠᠨ ᠭᠠᠳᠠᠭᠠᠳᠤ ᠬᠡᠷᠡᠭ ᠤᠨ ᠡᠮᠡᠭᠳᠡᠢ ᠰᠠᠶᠢᠳ ᠨᠠᠷ ᠤᠨ ᠠᠯᠪᠠᠨ ᠪᠤᠰᠤ ᠠᠭᠤᠯᠵᠠᠯᠲᠠ ᠳᠤ ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ ᠣᠷᠣᠯᠴᠠᠪᠠ᠃
ᠡᠨᠡ ᠬᠦ ᠠᠭᠤᠯᠵᠠᠯᠲᠠ ᠨᠢ ᠬᠥᠮᠥᠨ ᠤ ᠡᠷᠭᠡ᠂ ᠡᠮᠡᠭᠲᠡᠶᠢᠴᠦᠳ ᠤᠨ ᠤᠯᠤᠰ ᠲᠥᠷᠦ ᠶᠢᠨ ᠣᠷᠣᠯᠴᠠᠭ᠎ᠠ ᠶᠢ ᠨᠡᠮᠡᠭᠳᠡᠭᠦᠯᠬᠦ᠂ ᠳ᠋ᠢᠫᠯᠤᠮᠠᠲ ᠠᠯᠪᠠ ᠳᠠᠬᠢ ᠡᠮᠡᠭᠲᠡᠶᠢᠴᠦᠳ ᠤᠨ ᠪᠠᠶᠢᠷᠢ ᠰᠠᠭᠤᠷᠢ᠂ ᠢᠳᠡᠪᠬᠢᠲᠡᠢ ᠦᠶᠯᠡ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠬᠤ ᠵᠣᠷᠢᠯᠭ᠎ᠠ ᠪᠠᠷ ᠵᠢᠯ ᠪᠦᠷᠢ ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ  ᠶᠢᠨ ᠶᠡᠷᠦᠩᠬᠡᠶ ᠠᠰᠰᠡᠮᠪᠯᠸᠢ ᠶᠢᠨ ᠴᠢᠭᠤᠯᠭᠠᠨ ᠤ ᠬᠦᠷᠢᠶᠡᠨ ᠳᠤ ᠵᠣᠬᠢᠶᠠᠨ ᠪᠠᠶᠢᠭᠤᠯᠳᠠᠭ ᠠᠯᠪᠠᠨ ᠪᠤᠰᠤ ᠠᠷᠭ᠎ᠠ ᠭᠡᠮᠵᠢᠶ᠎ᠠ  ᠶᠤᠮ᠃

ᠰᠡᠳᠬᠢᠭᠳᠡᠯ ᠦᠯᠡᠳᠡᠭᠡᠬᠦ