ᠥᠪ ᠤᠨ ᠡᠳᠦᠷ ᠢ ᠲᠡᠮᠳᠡᠭᠯᠡᠪᠡ | News.MN

 ᠥᠪ ᠤᠨ ᠡᠳᠦᠷ ᠢ ᠲᠡᠮᠳᠡᠭᠯᠡᠪᠡ

ᠡᠸᠦ᠋ᠷᠦᠫᠡ ᠶᠢᠨ ᠥᠪ ᠤᠨ ᠡᠳᠦᠷ ᠤᠳ ᠢ ᠲᠣᠬᠢᠶᠠᠯᠳᠤᠭᠤᠯᠤᠨ ᠮᠣᠩᠭᠤᠯ ᠤᠯᠤᠰ ᠠᠴᠠ ᠪᠦᠬᠦᠳᠠ ᠨᠠᠶᠢᠷᠠᠮᠳᠠᠬᠤ ᠹᠷᠠᠨᠼᠢ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠠᠴᠠ ᠶᠢᠰᠦᠳᠦᠭᠡᠷ ᠰᠠᠷ᠎ᠠ ᠶᠢᠨ 17 ᠤ ᠡᠳᠦᠷ ᠨᠡᠭᠡᠭᠡᠯᠲᠡ ᠲᠠᠢ ᠬᠠᠭᠠᠯᠭᠠᠨ ᠤ ᠡᠳᠦᠷᠯᠢᠭ ᠵᠣᠬᠢᠶᠠᠨ ᠪᠠᠶᠢᠭᠤᠯᠵᠤ᠂ ᠮᠣᠩᠭᠤᠯ ᠤᠯᠤᠰ ᠤᠨ ᠲᠡᠦᠬᠡ ᠰᠤᠶᠦᠯ᠂ ᠥᠪ ᠤᠯᠠᠮᠵᠢᠯᠠᠯ᠂ ᠦᠨᠳᠦᠰᠦᠨ ᠤ ᠣᠨᠴᠠᠯᠢᠭ ᠵᠦᠢᠯᠡᠰ ᠢ ᠣᠯᠠᠨ ᠨᠡᠶᠢᠲᠡ ᠳᠤ ᠳᠡᠯᠭᠡᠨ ᠲᠠᠨᠢᠯᠴᠠᠭᠤᠯᠪᠠ᠃
ᠥᠪ ᠤᠨ ᠡᠳᠦᠷ ᠲᠤ ᠮᠣᠩᠭᠤᠯ᠂ ᠹᠷᠠᠨᠼᠢ ᠶᠢᠨ ᠬᠠᠷᠢᠯᠴᠠᠭᠠᠨ ᠤ  ᠲᠡᠦᠬᠡ᠂ ᠡᠵᠡᠨ ᠴᠢᠩᠭᠢᠰ ᠬᠠᠭᠠᠨ᠂  ᠭᠢᠶᠤᠮ  ᠳ᠋ᠧ  ᠷᠦᠪᠷᠦᠭ᠂ ᠬᠠᠷᠠᠬᠤᠷᠢᠨ᠂  ᠨᠢᠭᠡᠳᠦᠭᠰᠡᠨ ᠦᠨᠳᠦᠰᠦᠨ ᠤ ᠪᠠᠶᠢᠭᠤᠯᠤᠯᠭ᠎ᠠ ᠶᠢᠨ  ᠪᠣᠯᠪᠠᠰᠤᠷᠠᠯ᠂ ᠰᠤᠶᠦᠯ᠂ ᠰᠢᠨᠵᠢᠯᠡᠬᠦ ᠤᠬᠠᠭᠠᠨ ᠤ ᠪᠠᠶᠢᠭᠤᠯᠤᠯᠤᠭ᠎ᠠ ᠳᠤ ᠪᠦᠷᠢᠳᠬᠡᠭᠳᠡᠭᠰᠡᠨ ᠥᠪ ᠤᠳ᠂ ᠮᠣᠩᠭᠣᠯ ᠤᠨ ᠲᠠᠯ᠎ᠠ ᠪᠠᠷ ᠬᠢ ᠸᠢᠳᠢᠣ᠋ ᠪᠢᠴᠢᠯᠭᠡ᠂ ᠮᠣᠩᠭᠤᠯ ᠠᠬᠤᠶ ᠠᠮᠢᠳᠤᠷᠠᠯ᠂ ᠰᠤᠶᠦᠯ ᠤᠷᠠᠯᠢᠭ᠂ ᠪᠠᠶᠢᠭᠠᠯᠢ ᠶᠢᠨ ᠣᠨᠴᠠᠯᠢᠭ ᠢ ᠬᠠᠷᠠᠭᠤᠯᠤᠭᠰᠠᠨ ᠬᠡᠷᠡᠯ ᠵᠢᠷᠤᠭ᠂ ᠤᠷᠠᠨ ᠵᠢᠷᠤᠭ᠂  ᠳᠡᠪᠡᠯ  ᠬᠤᠪᠴᠠᠰᠤ ᠡᠳ᠋ᠯᠡᠯ᠂ ᠢᠳᠡᠭᠡ ᠪᠤᠳᠠᠭᠠᠨ ᠤ ᠰᠤᠶᠦᠯ᠂ ᠮᠣᠩᠭᠤᠯ ᠭᠡᠷ᠂ ᠲᠡᠭᠦᠨ ᠤ ᠣᠨᠴᠠᠯᠢᠭ᠂ ᠤᠷᠠᠨ ᠪᠢᠴᠢᠯᠭᠡ ᠵᠡᠷᠭᠡ ᠣᠯᠠᠨ ᠲᠥᠷᠥᠯ ᠤᠨ ᠬᠥᠲᠥᠯᠪᠦᠷᠢ ᠶᠢ ᠲᠤᠯᠢᠯᠠᠭᠤᠯᠤᠭᠰᠠᠨ ᠤ ᠰᠠᠴᠠᠭᠤ  ᠪ ∙  ᠰᠢᠷᠤᠪ ᠤᠨ︽ᠭᠡᠭᠡᠠ ᠠᠯᠤᠰ ᠲᠤ ᠣᠳᠬᠤᠢ︾ᠠᠶ᠎ᠠ ᠶᠢ ᠲᠡᠬᠦᠯᠳᠡᠷ ᠬᠤᠭᠤᠷ ᠬᠥᠭᠵᠢᠮ ᠢᠶᠠᠷ ᠲᠣᠭᠯᠠᠵᠤ ᠰᠣᠨᠢᠷᠬᠠᠭᠤᠯᠤᠭᠰᠠᠨ ᠨᠢ ᠵᠣᠴᠢᠳ ᠤᠨ ᠲᠠᠭᠠᠰᠢᠶᠠᠯ ᠢ ᠶᠡᠭᠡᠳᠠ ᠬᠦᠷᠲᠡᠪᠡ᠃

ᠰᠡᠳᠬᠢᠭᠳᠡᠯ ᠦᠯᠡᠳᠡᠭᠡᠬᠦ