︽ᠪᠢᠳᠡ ᠬᠤᠪᠳᠣ ᠶᠢᠨ ᠬᠡᠦᠬᠡᠳ ᠤᠳ︾ᠠᠶᠠᠨ ᠥᠷᠨᠢᠭᠦᠯᠵᠦ ᠪᠠᠶᠢᠨ᠎ᠡ | News.MN

︽ᠪᠢᠳᠡ ᠬᠤᠪᠳᠣ ᠶᠢᠨ ᠬᠡᠦᠬᠡᠳ ᠤᠳ︾ᠠᠶᠠᠨ ᠥᠷᠨᠢᠭᠦᠯᠵᠦ ᠪᠠᠶᠢᠨ᠎ᠡ

ᠬᠤᠪᠳᠤ ᠠᠶᠢᠮᠠᠭ ᠤᠨ ᠵᠢᠷᠭᠠᠯᠠᠩᠲᠤ ᠰᠤᠮᠤ ᠶᠢᠨ ᠨᠠᠢᠮᠠᠳᠤᠭᠠᠷ ᠴᠡᠴᠡᠷᠯᠢᠭ ᠡᠨᠡ ᠬᠢᠴᠢᠶᠡᠯ ᠤᠨ ᠵᠢᠯ ᠳᠤ 27 ᠪᠠᠭᠰᠢ᠂ ᠠᠵᠢᠯᠲᠠᠨ᠂ ᠳᠣᠯᠤᠭᠠᠨ ᠪᠦᠯᠦᠭ ᠲᠤ 200 ᠭᠠᠷᠦᠢ ᠬᠡᠦᠬᠡᠳ ᠲᠠᠢ ᠦᠶᠯᠡ ᠠᠵᠢᠯᠯᠠᠭ᠎ᠠ ᠶᠠᠪᠤᠭᠤᠯᠵᠤ ᠪᠠᠶᠢᠨ᠎ᠡ᠃ ᠲᠡᠳᠡ ᠬᠡᠦᠬᠡᠳ ᠪᠠᠭᠠᠴᠤᠳ ᠢ ᠬᠥᠭᠵᠢᠭᠦᠯᠬᠦ᠂ ᠤᠭᠰᠠᠭᠠᠲᠠᠨ ᠪᠦᠷᠢ ᠶᠢᠨ ᠶᠣᠰᠣ ᠵᠠᠩᠰᠢᠯ᠂ ᠥᠪ ᠰᠤᠶᠦᠯ᠂  ᠡᠬᠡ ᠲᠡᠦᠬᠡ ᠶᠢ ᠦᠷ᠎ᠡ ᠬᠤᠶᠢᠴᠢ ᠳᠠᠭᠠᠨ ᠥᠪᠯᠡᠭᠦᠯᠤᠨ ᠦᠯᠡᠳᠡᠭᠡᠬᠦ᠂ ᠬᠠᠳᠠᠭᠠᠯᠠᠨ ᠬᠠᠮᠡᠭᠠᠯᠡᠬᠤ᠂  ᠲᠠᠭᠠᠨ ᠳᠠᠭᠤᠷᠢᠶᠠᠬᠤ᠂ ᠳᠡᠭᠡᠳᠦᠯᠡᠬᠦ ᠬᠦᠮᠦᠵᠢᠯ᠂ ᠲᠦᠯᠦᠪᠰᠢᠯ ᠢ ᠪᠤᠢ ᠪᠣᠯᠭᠠᠬᠤ ᠵᠣᠷᠢᠯᠭ᠎ᠠ ᠪᠠᠷ︽ᠪᠢᠳᠡ ᠬᠤᠪᠳᠣ ᠶᠢᠨ ᠬᠡᠦᠬᠡᠳ ᠤᠳ︾ᠠᠶᠠᠨ ᠢ ᠥᠷᠨᠢᠭᠦᠯᠵᠦ ᠪᠠᠶᠢᠨ᠎ᠡ᠃
ᠬᠤᠪᠳᠤ ᠠᠶᠢᠮᠠᠭ ᠲᠤ ᠬᠠᠯᠬ᠎ᠠ᠂  ᠳᠥᠷᠪᠡᠳ᠂ ᠺᠠᠽᠠᠭ ᠭᠡᠳ 10 ᠭᠠᠷᠦᠢ ᠤᠭᠰᠠᠭᠠᠲᠠᠨ ᠤ ᠪᠦᠯᠦᠭ ᠠᠵᠤ ᠲᠥᠷᠥᠵᠦ ᠪᠠᠶᠢᠨ᠎ᠡ᠃ ᠲᠤᠰ ᠴᠡᠴᠡᠷᠯᠢᠭ ᠡᠳᠡᠭᠡᠷ ᠤᠭᠰᠠᠭᠠᠲᠠᠨ ᠤ ᠣᠨᠴᠠᠯᠢᠭ ᠢ ᠬᠠᠷᠠᠭᠤᠯᠤᠭᠰᠠᠨ ᠠᠩᠭᠢ ᠲᠠᠩᠬᠢᠮ ᠤᠨ ᠲᠣᠬᠢᠵᠢᠯᠲᠠ ᠬᠢᠭᠰᠡᠨ ᠪᠥᠭᠡᠳ ᠦᠨᠳᠦᠰᠦᠨ ᠤ ᠲᠣᠭᠯᠠᠭᠠᠮ ᠨᠠᠭᠠᠳᠤᠭᠠᠢ᠂ ᠨᠤᠲᠤᠭ ᠤᠨ ᠳᠠᠭᠤᠤ᠂ ᠬᠥᠭᠵᠢᠮ ᠤᠨ ᠵᠢᠮᠰᠡᠭ᠂  ᠬᠤᠪᠴᠠᠰᠤ ᠡᠳ᠋ᠯᠡᠯ ᠬᠡᠷᠡᠭᠯᠡᠯ ᠤᠨ ᠲᠠᠯ᠎ᠠ ᠪᠠᠷ ᠬᠡᠦᠬᠡᠳ ᠪᠠᠭᠠᠴᠤᠳ ᠲᠤ ᠲᠠᠨᠢᠯᠴᠠᠭᠤᠯᠵᠤ᠂ ᠰᠢᠨ᠎ᠡ ᠮᠡᠳᠡᠯᠭᠡ ᠣᠯᠭᠤᠵᠤ ᠪᠤᠶ᠃

ᠰᠡᠳᠬᠢᠭᠳᠡᠯ ᠦᠯᠡᠳᠡᠭᠡᠬᠦ