ᠡᠯᠴᠢᠨ ᠰᠠᠶᠢᠳ ᠡ᠊ · ᠰᠠᠷᠠᠨᠲᠤᠭᠤᠰ ᠢᠯᠡᠳᠬᠡᠯ ᠲᠠᠯᠪᠢᠪᠠ | News.MN

ᠡᠯᠴᠢᠨ ᠰᠠᠶᠢᠳ ᠡ᠊ · ᠰᠠᠷᠠᠨᠲᠤᠭᠤᠰ ᠢᠯᠡᠳᠬᠡᠯ ᠲᠠᠯᠪᠢᠪᠠ

ᠪᠦᠬᠦᠳᠠ ᠨᠠᠶᠢᠷᠠᠮᠳᠠᠬᠤ ᠰᠣᠯᠤᠩᠭᠤᠰ ᠤᠯᠤᠰ  ᠤᠨ ᠳ᠋ᠠᠨᠺᠤᠺ ᠶᠡᠭᠡ ᠰᠤᠷᠭᠠᠭᠤᠯᠢ ᠶᠢᠨ ᠬᠠᠷᠢᠶ᠎ᠠ ᠮᠣᠩᠭᠤᠯ ᠰᠤᠳᠤᠯᠤᠯ ᠤᠨ ᠬᠦᠷᠢᠶᠡᠯᠡᠩ ᠤᠨ ᠮᠣᠩᠭᠤᠯ ᠪᠦᠰᠡ ᠨᠤᠳᠤᠬ ᠰᠤᠳᠤᠯᠤᠯ ᠤᠨ 12 ᠳᠠᠬᠢ ᠤᠳᠠᠭ᠎ᠠ ᠶᠢᠨ ᠡᠭᠡᠯᠵᠢᠲᠦ ᠰᠧᠮᠢᠨᠠᠷ 9 ᠳ᠋ᠦ᠋ᠭᠡᠷ ᠰᠠᠷ᠎ᠠ ᠶᠢᠨ 22  ᠳᠤ ᠴᠠᠬᠢᠮ ᠬᠡᠯᠪᠡᠷᠢ ᠪᠠᠷ ᠪᠣᠯᠵᠤ᠂ ᠮᠣᠩᠭᠤᠯ ᠤᠯᠤᠰ ᠠᠴᠠ  ᠪᠦᠬᠦᠳᠠ ᠨᠠᠶᠢᠷᠠᠮᠳᠠᠬᠤ ᠰᠣᠯᠤᠩᠭᠤᠰ ᠤᠯᠤᠰ ᠲᠤ ᠰᠠᠭᠤᠭ᠎ᠠ ᠡᠯᠴᠢᠨ ᠰᠠᠶᠢᠳ ᠡ᠊ ·ᠰᠠᠷᠠᠨᠲᠤᠭᠤᠰ︽ᠮᠣᠩᠭᠤᠯ  ᠤᠯᠤᠰ᠂  ᠪᠦᠬᠦᠳᠠ ᠨᠠᠶᠢᠷᠠᠮᠳᠠᠬᠤ ᠰᠣᠯᠤᠩᠭᠤᠰ ᠤᠯᠤᠰ  ᠤᠨ ᠰᠲᠷᠠᠲ᠋ᠧᠭᠢ ᠶᠢᠨ ᠲᠦᠩᠰᠢᠯᠡᠯ ᠤᠨ ᠬᠠᠷᠢᠯᠴᠠᠭ᠎ᠠ︾ᠰᠡᠳᠦᠪ ᠢᠶᠠᠷ ᠢᠯᠡᠳᠬᠡᠯ ᠲᠠᠯᠪᠢᠪᠠ᠃ ᠰᠧᠮᠢᠨᠠᠷ ᠲᠤ ᠳ᠋ᠠᠨᠺᠤᠺ ᠶᠡᠭᠡ ᠰᠤᠷᠭᠠᠭᠤᠯᠢ ᠶᠢᠨ ᠬᠠᠷᠢᠶ᠎ᠠ ᠮᠣᠩᠭᠤᠯ ᠰᠤᠳᠤᠯᠤᠯ ᠤᠨ ᠬᠦᠷᠢᠶᠡᠯᠡᠩ ᠤᠨ ᠵᠠᠬᠢᠷᠤᠯ ᠰᠣᠨ  ᠪᠶᠤᠨ  ᠭᠤ ᠮᠣᠩᠭᠤᠯ ᠬᠡᠯᠡᠨ ᠤ ᠲᠠᠩᠬᠢᠮ ᠤᠨ ᠡᠷᠬᠢᠯᠡᠭᠴᠢ ᠷᠢᠤ᠋ ᠪᠶᠤᠨ ᠵᠧ ᠨᠠᠷ ᠪᠣᠯᠤᠨ ᠲᠤᠰ ᠬᠦᠷᠢᠶᠡᠯᠡᠩ᠂ ᠲᠠᠩᠬᠢᠮ ᠤᠨ ᠪᠠᠭᠰᠢ᠂  ᠤᠶᠤᠲᠠᠳ ᠥᠷᠭᠡᠨ ᠢᠶᠠᠷ ᠣᠷᠣᠯᠴᠠᠪᠠ᠃
ᠡᠯᠴᠢᠨ ᠰᠠᠶᠢᠳ ᠡ᠊ ·ᠰᠠᠷᠠᠨᠲᠤᠭᠤᠰ ᠮᠣᠩᠭᠤᠯ ᠤᠯᠤᠰ ᠤᠨ ᠭᠠᠳᠠᠭᠠᠳᠤ ᠪᠣᠳᠣᠯᠭ᠎ᠠ ᠶᠢᠨ ᠲᠡᠷᠢᠭᠦᠯᠡᠬᠦ ᠴᠢᠭᠯᠡᠯ ᠤᠳ᠂ ᠵᠣᠷᠢᠯᠲᠠ᠂ ᠭᠤᠷᠪᠠᠳᠠᠭᠴᠢ ᠬᠥᠷᠰᠢ ᠶᠢᠨ ᠪᠣᠳᠣᠯᠭ᠎ᠠ ᠶᠢᠨ ᠲᠠᠯ᠎ᠠ ᠪᠠᠷ ᠲᠠᠨᠢᠯᠴᠠᠭᠤᠯᠵᠤ᠂ ᠮᠣᠩᠭᠤᠯ  ᠤᠯᠤᠰ᠂  ᠪᠦᠬᠦᠳᠠ ᠨᠠᠶᠢᠷᠠᠮᠳᠠᠬᠤ ᠰᠣᠯᠤᠩᠭᠤᠰ ᠤᠯᠤᠰ  ᠤᠨ ᠰᠲᠷᠠᠲ᠋ᠧᠭᠢ ᠶᠢᠨ ᠲᠦᠩᠰᠢᠯᠡᠯ ᠤᠨ ᠬᠠᠷᠢᠯᠴᠠᠭ᠎ᠠ ᠶᠢ ᠤᠯᠤᠰ ᠲᠦᠷᠦ᠂ ᠡᠳ᠋ ᠤᠨ ᠵᠠᠰᠠᠭ᠂ ᠬᠥᠷᠥᠩᠭᠡ ᠣᠷᠤᠭᠤᠯᠤᠯᠲᠠ᠂ ᠬᠥᠭᠵᠢᠯ ᠤᠨ ᠬᠠᠮᠲᠤ ᠶᠢᠨ ᠠᠵᠢᠯᠯᠠᠭ᠎ᠠ᠂ ᠡᠷᠡᠭᠦᠯ ᠮᠡᠨᠳᠦ᠂ ᠪᠠᠶᠢᠭᠠᠯᠢ ᠣᠷᠴᠢᠨ᠂ ᠪᠣᠯᠪᠠᠰᠤᠷᠠᠯ᠂ ᠰᠢᠨᠵᠢᠯᠡᠬᠦ ᠤᠬᠠᠭᠠᠨ᠂  ᠲᠧᠭᠨᠦᠯᠦᠭᠢ᠂ ᠰᠤᠶᠦᠯ᠂ ᠠᠶᠠᠯᠠᠯ ᠵᠢᠭᠤᠯᠴᠢᠯᠠᠯ᠂ ᠢᠷᠭᠡᠳ ᠤᠨ ᠰᠤᠯᠢᠯᠴᠠᠭ᠎ᠠ᠂ ᠣᠯᠠᠨ ᠤᠯᠤᠰ᠂ ᠪᠦᠰᠡ ᠨᠤᠲᠤᠭ ᠤᠨ ᠲᠠᠯᠠᠪᠤᠷ  ᠲᠡᠬᠢ ᠬᠠᠮᠲᠤ ᠶᠢᠨ ᠠᠵᠢᠯᠯᠠᠭ᠎ᠠ ᠭᠡᠰᠡᠨ 5  ᠲᠤᠯᠭᠠᠭᠤᠷᠢ  ᠳᠦ ᠰᠠᠭᠤᠷᠢᠯᠠᠨ ᠥᠷᠭᠡᠵᠢᠭᠦᠯᠦᠨ ᠬᠥᠭᠵᠢᠭᠦᠯᠵᠦ ᠪᠠᠶᠢᠭ᠎ᠠ ᠲᠤᠬᠠᠢ  ᠶᠠᠷᠢᠪᠠ᠃  ᠲᠡᠷᠡ ᠮᠣᠩᠭᠤᠯ ᠰᠤᠳᠤᠯᠤᠯ᠂ ᠮᠣᠩᠭᠤᠯ ᠬᠡᠯᠡ ᠶᠢ ᠰᠤᠳᠤᠯᠤᠨ ᠰᠤᠷᠤᠯᠴᠠᠬᠤ ᠪᠠᠶᠢᠭ᠎ᠠ ᠰᠤᠯᠦᠩᠭᠤᠰ ᠤᠶᠤᠲᠠᠳ ᠲᠤ ᠲᠠᠯᠠᠷᠬᠠᠯ ᠢᠯᠡᠷᠬᠡᠶᠢᠯᠡᠨ᠂ ᠰᠤᠷᠤᠯᠭ᠎ᠠ ᠶᠢᠨ  ᠠᠮᠵᠢᠯᠲᠠ  ᠬᠦᠰᠡᠪᠡ᠃

ᠰᠡᠳᠬᠢᠭᠳᠡᠯ ᠦᠯᠡᠳᠡᠭᠡᠬᠦ