ᠭᠠᠳᠠᠭᠠᠳᠤ ᠬᠠᠷᠢᠯᠴᠠᠭᠠᠨ ᠤ ᠳᠡᠳ᠋ ᠰᠠᠶᠢᠳ ᠪ ∙ᠮᠥᠩᠬᠡᠵᠢᠨ ᠪᠦᠭᠦᠳᠡ ᠨᠠᠢᠷᠠᠮᠳᠠᠬᠤ ᠰᠤᠽᠢᠶᠠᠯᠢᠰᠲ ᠸᠢᠶᠧᠲᠨᠠᠮ ᠤᠯᠤᠰ ᠤᠨ ᠭᠠᠳᠠᠭᠠᠳᠤ ᠬᠡᠷᠡᠭ ᠤᠨ ᠰᠠᠶᠢᠳ ᠪᠤᠶ ᠲᠡᠠ ᠰᠦᠨ ᠳᠤ 9 ᠳ᠋ᠦ᠋ᠭᠡᠷ ᠰᠠᠷ᠎ᠠ ᠶᠢᠨ 23 ᠤ ᠡᠳᠦᠷ ᠪᠠᠷᠠᠭᠠᠯᠠᠬᠠᠪᠠ᠃ ᠪᠤᠶ ᠲᠡᠠ ᠰᠦᠨ ᠸᠢᠶᠧᠲᠨᠠᠮ᠂ ᠮᠣᠩᠭᠣᠯ ᠤᠨ ᠭᠠᠳᠠᠭᠠᠳᠤ ᠬᠠᠷᠢᠯᠴᠠᠭᠠᠨ ᠤ ᠶᠠᠮᠤᠨ ᠬᠤᠭᠤᠷᠤᠨᠳᠤ ᠶᠢᠨ ᠵᠥᠪᠯᠡᠯᠳᠦᠬᠦ ᠠᠭᠤᠯᠵᠠᠯᠲᠠ ᠲᠤᠭᠲᠠᠮᠠᠯᠵᠢᠵᠤ ᠪᠤᠢ ᠳᠤ ᠰᠡᠦᠡᠬᠢᠯ ᠬᠠᠩᠭᠠᠯᠤᠭᠤᠨ ᠪᠠᠶᠢᠭ᠎ᠠ ᠪᠠᠨ ᠢᠯᠡᠷᠬᠡᠶᠢᠯᠡᠵᠦ᠂ ᠮᠣᠩᠭᠤᠯ ᠤᠯᠤᠰ ᠲᠠᠢ ᠬᠥᠭᠵᠢᠭᠦᠯᠵᠦ ᠪᠤᠶ ᠬᠠᠷᠢᠯᠴᠠᠭᠠᠨ ᠳᠤ ᠸᠢᠶᠧᠲᠨᠠᠮ ᠤᠯᠤᠰ ᠦᠡᠳᠦᠷ ᠠᠴᠢ ᠬᠤᠯᠪᠣᠭᠳᠠᠯ ᠥᠭᠳᠡᠭ ᠢ ᠣᠨᠴᠠᠯᠠᠨ ᠲᠡᠮᠳᠡᠭᠯᠡᠪᠡ᠃
ᠮᠦᠠ 2024 ᠣᠨ ᠳᠤ ᠬᠤᠶᠠᠷ ᠤᠯᠤᠰ ᠤᠨ ᠳ᠋ᠢᠫᠯᠤᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠤᠨ ᠣᠶ ᠲᠣᠬᠢᠶᠠᠬᠤ ᠶᠢ ᠳᠤᠷᠠᠳᠤᠭᠠᠳ ᠡᠨᠡ ᠣᠢ ᠶᠢ ᠲᠣᠳᠤᠷᠬᠠᠶ ᠲᠥᠯᠥᠪᠯᠡᠭᠡᠨ ᠤ ᠳᠠᠭᠠᠤ ᠶᠣᠰᠣᠯᠠᠯ ᠲᠡᠬᠦᠯᠳᠡᠷ ᠲᠡᠮᠳᠡᠭᠯᠡᠬᠦ ᠶᠢ ᠮᠡᠳᠡᠭᠳᠡᠪᠡ᠃ ᠴᠢᠨᠠᠭᠰᠢᠳᠠ ᠲᠡᠭᠡᠳᠦ᠂ ᠦᠡᠳᠦᠷ ᠲᠦᠪᠰᠢᠨ ᠤ ᠠᠶᠢᠯᠴᠢᠯᠠᠯ ᠢ ᠲᠤᠭᠲᠠᠮᠠᠯᠵᠢᠭᠤᠯᠵᠤ᠂ ᠤᠯᠤᠰ ᠲᠥᠷᠦ ᠶᠢᠨ ᠬᠠᠷᠢᠯᠴᠠᠭ᠎ᠠ ᠪᠠᠨ ᠪᠠᠬᠢᠵᠢᠭᠦᠯᠬᠦ ᠶᠢᠨ ᠲᠥᠯᠥᠭᠡ ᠪᠠᠶᠢᠭ᠎ᠠ ᠪᠠᠨ ᠲᠡᠷᠡ ᠪᠠᠷ ᠢᠯᠡᠷᠬᠡᠶᠢᠯᠡᠪᠡ᠃
ᠪ∙ᠮᠥᠩᠬᠡᠵᠢᠨ ᠸᠢᠶᠧᠲᠨᠠᠮ ᠤᠯᠤᠰ ᠲᠠᠢ ᠬᠠᠷᠢᠯᠴᠠᠭᠠᠨ ᠤ ᠲᠦᠪᠰᠢᠨ ᠢ ᠠᠬᠢᠭᠤᠯᠬᠤ ᠶᠢ ᠰᠠᠨᠠᠯ ᠪᠣᠯᠭᠠᠭᠠᠳ᠂ ᠬᠤᠶᠠᠷ ᠲᠠᠯ᠎ᠠ ᠶᠢᠨ ᠬᠠᠮᠲᠤ ᠶᠢᠨ ᠠᠵᠢᠯᠯᠠᠭ᠎ᠠ ᠢᠳᠡᠪᠬᠢᠵᠢᠵᠦ ᠪᠠᠢᠭ᠎ᠠ ᠳᠤ ᠰᠡᠦᠡᠬᠢᠯ ᠬᠠᠩᠭᠠᠯᠤᠭᠤᠨ ᠪᠠᠶᠢᠭ᠎ᠠ ᠪᠠᠨ ᠢᠯᠡᠷᠬᠡᠶᠢᠯᠡᠪᠡ᠃ ᠴᠢᠨᠠᠭᠰᠢᠳᠠ ᠡᠮᠦᠨᠡᠳᠦ ᠠᠽᠢᠶ᠎ᠠ ᠶᠢᠨ ᠣᠷᠣᠨ ᠨᠤᠭᠤᠳ ᠤᠨ ᠬᠠᠮᠲᠤ ᠶᠢᠨ ᠨᠡᠶᠢᠭᠡᠮᠯᠢᠭ ᠪᠤᠯᠦᠠ ᠪᠦᠰᠡ ᠨᠤᠳᠤᠬ᠂ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠲᠦᠪᠰᠢᠨ ᠳᠤ ᠴᠤ ᠤᠯᠠᠮ ᠢᠳᠡᠪᠬᠢᠲᠡᠢ ᠬᠠᠮᠲᠤᠷᠠᠨ ᠠᠵᠢᠯᠯᠠᠬᠤ ᠶᠢᠨ ᠲᠥᠯᠥᠭᠡ ᠪᠠᠶᠢᠭ᠎ᠠ ᠪᠠᠨ ᠬᠤᠶᠠᠷ ᠲᠡᠯ᠎ᠠ ᠢᠯᠡᠷᠬᠡᠶᠢᠯᠡᠵᠦ᠂ ᠬᠤᠳᠠᠯᠳᠤᠭ᠎ᠠ᠂ ᠡᠳ᠋ ᠤᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠳᠤ ᠰᠠᠭᠠᠳ ᠲᠣᠳᠬᠠᠷ ᠪᠣᠯᠵᠤ ᠪᠤᠶ ᠲᠡᠭᠡᠭᠡᠪᠦᠷᠢ ᠯᠤᠭᠢᠰᠲ᠋ᠢᠺ ᠤᠨ ᠬᠦᠨᠳᠦᠷᠡᠯ ᠢ ᠪᠠᠭᠠᠰᠬᠠᠬᠤ ᠴᠢᠭᠯᠡᠯ ᠳᠤ ᠬᠠᠮᠲᠤᠷᠠᠭᠰᠠᠨ ᠠᠷᠭ᠎ᠠ ᠭᠡᠮᠵᠢᠶ᠎ᠠ ᠠᠪᠬᠤ ᠪᠠᠷ ᠪᠣᠯᠪᠠ᠃