ᠪ∙ᠪᠠᠲᠤᠴᠡᠴᠡᠭ ᠶᠠᠫᠤᠨ ᠤ ᠭᠠᠳᠠᠭᠠᠳᠤ ᠬᠡᠷᠡᠭ ᠤᠨ ᠰᠠᠶᠢᠳ ᠶᠣ ·ᠬᠠᠶᠠᠰᠢ ᠲᠠᠢ ᠠᠭᠤᠯᠵᠠᠪᠠ | News.MN

ᠪ∙ᠪᠠᠲᠤᠴᠡᠴᠡᠭ ᠶᠠᠫᠤᠨ ᠤ ᠭᠠᠳᠠᠭᠠᠳᠤ ᠬᠡᠷᠡᠭ ᠤᠨ ᠰᠠᠶᠢᠳ ᠶᠣ ·ᠬᠠᠶᠠᠰᠢ ᠲᠠᠢ ᠠᠭᠤᠯᠵᠠᠪᠠ

ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ ᠶᠠᠫᠤᠨ ᠤᠯᠤᠰ ᠤᠨ ᠭᠠᠳᠠᠭᠠᠳᠤ ᠬᠡᠷᠡᠭ ᠤᠨ ᠰᠠᠶᠢᠳ ᠶᠣ ·ᠬᠠᠶᠠᠰᠢ ᠲᠠᠢ 2022 ᠣᠨ ᠤ ᠶᠢᠰᠦᠳᠦᠭᠡᠷ ᠰᠠᠷ᠎ᠠ ᠶᠢᠨ 26 ᠤ ᠡᠳᠦᠷ ᠲᠤᠤᠺᠢᠣ᠋ ᠬᠤᠲᠠᠨ᠎ᠠ ᠠᠭᠤᠯᠵᠠᠯᠲᠠ ᠬᠢᠪᠡ᠃ ᠰᠠᠶᠢᠳ ᠪ∙ᠪᠠᠲᠤᠴᠡᠴᠡᠭ ᠮᠣᠩᠭᠤᠯ ᠤᠯᠤᠰ ᠤᠨ ᠶᠡᠷᠦᠩᠬᠡᠶ ᠰᠠᠶᠢᠳ ᠯ᠊·ᠤᠶᠤᠡᠡᠷᠳᠡᠨᠢ ᠮᠣᠩᠭᠤᠯ ᠤᠯᠤᠰ ᠤᠨ ᠲᠥᠷᠦ ᠵᠠᠰᠠᠭ᠂ ᠠᠷᠡᠦᠠ ᠲᠦᠮᠡᠨ ᠢ ᠲᠥᠯᠥᠭᠡᠯᠡᠨ ᠱ᠊·ᠠᠪᠧ ᠲᠠᠢ ᠰᠠᠯᠬᠤ ᠶᠣᠰᠣ ᠭᠦᠢᠴᠡᠳᠬᠡᠬᠦ ᠲᠥᠷᠦ ᠶᠢᠨ ᠶᠣᠰᠣᠯᠠᠯ ᠳᠤ ᠣᠷᠣᠯᠴᠠᠨ ᠬᠦᠨᠳᠦᠳᠬᠡᠯ ᠦᠵᠡᠭᠦᠯᠵᠦ ᠪᠤᠢ ᠶᠢ ᠳᠤᠷᠠᠳᠴᠤ᠂ ᠱ᠊·ᠠᠪᠧ  ᠨᠢ ᠮᠣᠩᠭᠤᠯ ᠤᠯᠤᠰ ᠲᠤ ᠭᠤᠷᠪᠠᠨ ᠤᠳᠠᠭ᠎ᠠ ᠠᠶᠢᠯᠴᠢᠯᠠᠭᠰᠠᠨ ᠶᠡᠷᠦᠩᠬᠡᠶ ᠰᠠᠶᠢᠳ ᠲᠡᠳᠦᠢ ᠦᠭᠡᠢ ᠮᠣᠩᠭᠤᠯ᠂ ᠶᠠᠫᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠳᠤ ᠣᠨᠴᠤᠭᠤᠢ ᠠᠴᠢ ᠬᠤᠯᠪᠣᠭᠳᠠᠯ ᠥᠭᠴᠦ᠂ ᠬᠤᠶᠠᠷ ᠤᠯᠤᠰ ᠤᠨ ᠬᠠᠷᠢᠯᠴᠠᠭᠠᠨ ᠤ ᠲᠡᠦᠬᠡᠨ ᠳᠤ ᠦᠨ᠎ᠡ ᠲᠠᠢ ᠬᠤᠪᠢ ᠨᠡᠮᠡᠷᠢ ᠣᠷᠣᠭᠤᠯᠤᠭᠰᠠᠨ ᠡᠷᠬᠢᠮ ᠭᠡᠳᠡᠭ ᠢᠶᠠᠷ ᠲᠡᠭᠦᠨ ᠤ ᠭᠡᠭᠡᠠ ᠳᠤᠷᠠᠰᠬᠠᠯ ᠢ ᠮᠣᠩᠭᠣᠯ ᠤᠨ ᠠᠷᠠᠳ ᠢᠷᠭᠡᠳ ᠡᠭᠦᠷᠢᠳᠡ ᠳᠤᠷᠠᠰᠤᠨ ᠰᠡᠨᠡᠬᠤ ᠪᠣᠯᠤᠨ᠎ᠠ ᠭᠡᠳᠡᠭ ᠢ ᠲᠡᠮᠳᠡᠭᠯᠡᠪᠡ᠃
ᠶᠣ·ᠬᠠᠶᠠᠰᠢ ᠮᠣᠩᠭᠤᠯ  ᠤᠯᠤᠰ ᠶᠠᠫᠤᠨ ᠤᠯᠤᠰ ᠲᠠᠢ ᠬᠥᠭᠵᠢᠭᠦᠯᠵᠦ ᠪᠤᠶ ᠰᠲᠷᠠᠲ᠋ᠧᠭᠢ ᠶᠢᠨ ᠲᠦᠩᠰᠢᠯᠡᠯ ᠤᠨ ᠬᠠᠷᠢᠯᠴᠠᠭᠠᠨ ᠳᠤ ᠦᠡᠳᠦᠷ ᠠᠴᠢ ᠬᠤᠯᠪᠣᠭᠳᠠᠯ ᠥᠭᠴᠦ᠂ ᠶᠡᠷᠦᠩᠬᠡᠶ ᠰᠠᠶᠢᠳ ᠱ᠊·ᠠᠪᠧ ᠲᠠᠢ ᠰᠠᠯᠬᠤ ᠶᠣᠰᠣ ᠭᠦᠢᠴᠡᠳᠬᠡᠬᠦ ᠲᠥᠷᠦ ᠶᠢᠨ ᠶᠣᠰᠣᠯᠠᠯ ᠳᠤ ᠮᠣᠩᠭᠤᠯ ᠤᠯᠤᠰ ᠤᠨ ᠶᠡᠷᠦᠩᠬᠡᠶ ᠰᠠᠶᠢᠳ ᠪᠡᠶᠡᠴᠢᠯᠡᠨ ᠣᠷᠣᠯᠴᠠᠵᠤ ᠪᠠᠢᠭ᠎ᠠ ᠳᠤ ᠲᠠᠯᠠᠷᠬᠠᠯ ᠢᠯᠡᠷᠬᠡᠶᠢᠯᠡᠪᠡ᠃ ᠮᠦᠠ ᠲᠡᠷᠡ ᠪᠠᠷ ᠮᠣᠩᠭᠤᠯ ᠤᠯᠤᠰ ᠲᠤ ᠬᠢᠭᠰᠡᠨ ᠠᠶᠢᠯᠴᠢᠯᠠᠯ ᠤᠨ ᠦᠶ᠎ᠡ ᠪᠠᠷ ᠪᠠᠨ ᠶᠠᠷᠢᠯᠴᠠᠵᠤ᠂ ᠲᠣᠬᠢᠷᠠᠯᠴᠠᠭᠰᠠᠨ ᠵᠦᠢᠯᠡᠰ ᠢ ᠠᠵᠢᠯ ᠬᠡᠷᠡᠭ ᠪᠣᠯᠭᠠᠬᠤ ᠳᠤ ᠠᠩᠬᠠᠷᠴᠤ᠂ ᠢᠳᠡᠪᠬᠢᠲᠡᠢ ᠬᠠᠮᠲᠤᠷᠠᠨ ᠠᠵᠢᠯᠯᠠᠬᠤ ᠪᠠᠨ ᠨᠤᠲᠠᠯᠠᠪᠠ᠃

ᠰᠡᠳᠬᠢᠭᠳᠡᠯ ᠦᠯᠡᠳᠡᠭᠡᠬᠦ