KM Infrastructure Corporation ᠻᠣᠮᠫᠠᠨᠢ ᠮᠣᠩᠭᠤᠯ ᠳᠤ ᠴᠠᠬᠢᠯᠭᠠᠨ ᠰᠲ᠋ᠠᠨᠼ ᠪᠠᠷᠢᠨ᠎ᠠ | News.MN

KM Infrastructure Corporation ᠻᠣᠮᠫᠠᠨᠢ ᠮᠣᠩᠭᠤᠯ ᠳᠤ ᠴᠠᠬᠢᠯᠭᠠᠨ ᠰᠲ᠋ᠠᠨᠼ ᠪᠠᠷᠢᠨ᠎ᠠ

ᠪᠦᠬᠦᠳᠠ ᠨᠠᠶᠢᠷᠠᠮᠳᠠᠬᠤ ᠰᠣᠯᠤᠩᠭᠤᠰ ᠤᠯᠤᠰ  ᠤᠨ︽KM Infrastructure Corporation︾ ᠨᠢ ᠤᠯᠠᠭᠠᠨᠪᠠᠭᠠᠲᠤᠷ ᠬᠤᠲᠠ ᠳᠤ ᠭᠡᠷ ᠠᠬᠤᠢ ᠶᠢᠨ ᠬᠤᠭ ᠬᠠᠶᠠᠭᠳᠠᠯ ᠢ ᠨᠢᠭᠡᠳᠬᠡᠬᠦ ᠦᠢᠯᠡᠳᠪᠦᠷᠢ ᠪᠡᠷᠢᠬᠤ ᠭᠡᠷ᠎ᠡ ᠳᠤ ᠭᠠᠷ ᠤᠨ ᠦᠰᠦᠭ ᠵᠢᠷᠤᠵᠤ ᠪᠠᠲᠤᠯᠠᠭᠰᠠᠨ ᠲᠠᠯ᠎ᠠ ᠪᠠᠷ ᠰᠣᠯᠤᠩᠭᠤᠰ ᠤᠨ  ᠭᠡᠪᠯᠡᠯ ᠮᠡᠳᠡᠭᠡᠯᠡᠵᠡᠢ᠃
KM Infrastructure Corporation  ᠤᠨ ᠮᠡᠳᠡᠭᠳᠡᠭᠰᠡᠨ ᠢᠶᠠᠷ᠂ ᠦᠡᠭᠭᠡᠷᠡᠭᠰᠡᠠ ᠨᠠᠢᠮᠠᠳᠤᠭᠠᠷ ᠰᠠᠷ᠎ᠠ ᠶᠢᠨ 31 ᠤ ᠡᠳᠦᠷ ᠮᠣᠩᠭᠤᠯ ᠤᠯᠤᠰ ᠤᠨ ᠵᠠᠰᠠᠭ ᠤᠨ ᠭᠠᠵᠠᠷ ᠤᠨ ᠡᠷᠴᠢᠮ ᠬᠦᠴᠦᠨ ᠤ ᠶᠠᠮᠤᠨ ᠤ ᠬᠠᠷᠢᠶ᠎ᠠ ᠡᠷᠴᠢᠮ ᠬᠦᠴᠦ ᠲᠦᠭᠡᠭᠡᠬᠦ ᠦᠨᠳᠦᠰᠦᠨ ᠤ ᠲᠥᠪ ᠲᠠᠢ ᠡᠷᠴᠢᠮ ᠬᠦᠴᠦ ᠬᠤᠳᠠᠯᠳᠤᠬᠤ ᠭᠡᠷ᠎ᠡ ᠶᠢ ᠠᠯᠪᠠᠨ ᠶᠣᠰᠤᠭᠠᠷ ᠪᠠᠶᠢᠭᠤᠯᠤᠭᠰᠠᠨ᠃ ᠤᠯᠠᠭᠠᠨᠪᠠᠭᠠᠲᠤᠷ ᠬᠤᠲᠠ ᠶᠢᠨ ᠲᠥᠪ ᠲᠤ ᠬᠤᠪᠢ ᠶᠢᠨ ᠲᠤᠯᠡᠭᠠᠠ᠂ ᠴᠠᠬᠢᠯᠭᠠᠨ ᠰᠲ᠋ᠠᠨᠼ ᠪᠡᠷᠢᠬᠤ ᠪᠠ ᠬᠦᠴᠦᠨ ᠴᠢᠳᠡᠯ ᠨᠢ 15.4 мвт᠂ ᠡᠨᠡ ᠨᠢ ᠤᠯᠠᠭᠠᠨᠪᠠᠭᠠᠲᠤᠷ ᠬᠤᠲᠠ ᠶᠢᠨ 390 ᠮᠢᠩᠭᠠᠨ ᠠᠶᠢᠯ ᠡᠷᠦᠬᠡ ᠶᠢ ᠬᠠᠩᠭᠠᠬᠤ ᠬᠡᠮᠵᠢᠶᠡᠨ ᠤ ᠴᠠᠬᠢᠯᠭᠠᠨ ᠡᠷᠴᠢᠮ ᠬᠦᠴᠦ  ᠶᠤᠮ᠃
KM Infrastructure Corporation ᠠᠴᠠ ᠡᠷᠴᠢᠮ ᠬᠦᠴᠦ ᠬᠤᠳᠠᠯᠳᠤᠨ ᠠᠪᠬᠤ ᠬᠤᠭᠤᠴᠠᠭ᠎ᠠ ᠶᠢ ᠡᠷᠴᠢᠮ ᠬᠦᠴᠦ ᠦᠢᠯᠡᠳᠪᠦᠷᠢᠯᠡᠭᠰᠡᠨ ᠡᠳᠦᠷ ᠠᠴᠠ ᠬᠤᠶᠢᠰᠢ 25 ᠵᠢᠯ ᠪᠠᠶᠢᠬᠤ ᠪᠠᠷ ᠲᠣᠭᠲᠠᠭᠠᠭᠰᠠᠨ ᠪᠥᠭᠡᠳ ᠬᠤᠭ ᠬᠠᠶᠠᠭᠳᠠᠯ ᠤᠨ ᠲᠤᠯᠡᠭᠠᠠ ᠴᠠᠬᠢᠯᠭᠠᠨ ᠰᠲ᠋ᠠᠨᠼ ᠤᠨ ᠪᠠᠷᠢᠯᠭ᠎ᠠ ᠶᠢᠨ ᠠᠵᠢᠯ ᠢ 2023 ᠣᠨ ᠤ ᠳᠥᠷᠪᠡᠳᠦᠭᠡᠷ ᠰᠠᠷ᠎ᠠ ᠳᠤ ᠡᠬᠢᠯᠡᠭᠦᠯᠵᠦ᠂ 2025 ᠣᠨ ᠤ ᠬᠤᠶᠠᠳᠤᠭᠠᠷ ᠬᠠᠭᠠᠰ ᠲᠤ ᠳᠠᠭᠤᠰᠬᠠᠬᠤ ᠭᠡᠨ᠎ᠡ᠃

 

ᠰᠡᠳᠬᠢᠭᠳᠡᠯ ᠦᠯᠡᠳᠡᠭᠡᠬᠦ