ᠬᠤᠪᠳᠤ ᠠᠶᠢᠮᠠᠭ ᠤᠨ ᠮᠦᠽᠧᠶ ᠨᠢ ᠠᠶᠢᠮᠠᠭ ᠤᠨ ᠲᠥᠪ ᠲᠠᠯᠠᠪᠠᠢ ᠳᠡᠭᠡᠷ᠎ᠡ ᠪᠡᠨ ᠮᠣᠩᠭᠤᠯ ᠠᠷᠠᠳ ᠤᠨ ᠤᠯᠠᠮᠵᠢᠯᠠᠯᠲᠤ ᠲᠣᠭᠯᠠᠭᠠᠮ ᠨᠠᠭᠠᠳᠤᠭᠠᠢ ᠪᠣᠯᠬᠤ ᠫᠠᠨᠵᠢᠭᠠ᠂ ᠦᠱᠦᠦᠷ᠂ ᠨᠠᠷᠠ ᠰᠦᠮᠪᠦ᠂ ᠱᠠᠭᠠᠢ ᠶᠢᠨ ᠨᠠᠭᠠᠳᠤᠭᠠᠢ ᠶᠢᠨ ᠲᠡᠮᠡᠴᠡᠭᠡᠨ ᠵᠣᠬᠢᠶᠠᠨ ᠪᠠᠶᠢᠭᠤᠯᠤᠯ᠎ᠠ᠃︽ᠴᠠᠢ ᠶᠢᠨ ᠵᠡᠮ︾ᠥᠪ ᠰᠣᠶᠤᠯ ᠤᠨ ᠭᠤᠷᠪᠠᠳᠤᠭᠠᠷ ᠨᠠᠭᠠᠳᠤᠮ ᠤᠨ ᠬᠦᠷᠢᠶᠡᠨ ᠳᠤ ᠥᠷᠨᠢᠵᠦ ᠪᠤᠶ ᠲᠤᠰ ᠲᠡᠮᠡᠴᠡᠭᠡᠨ ᠳᠤ ᠨᠠᠰᠤᠨ ᠳᠤ ᠬᠦᠷᠦᠭᠰᠡᠳ ᠪᠤᠯᠦᠠ ᠶᠡᠷᠦᠩᠬᠡᠶ ᠪᠣᠯᠪᠠᠰᠤᠷᠠᠯ ᠤᠨ ᠰᠤᠷᠭᠠᠭᠤᠯᠢ ᠶᠢᠨ ᠠᠬᠠᠯᠠᠬᠤ ᠠᠩᠭᠢ ᠶᠢᠨ ᠰᠤᠷᠤᠭᠴᠢᠳ ᠣᠷᠣᠯᠴᠠᠪᠠ᠃
ᠫᠠᠨᠵᠢᠭᠠ ᠲᠡᠮᠡᠴᠡᠭᠡᠨ ᠳᠤ ᠨᠠᠰᠤᠨ ᠳᠤ ᠬᠦᠷᠦᠭᠴᠢ ᠶᠢᠨ ᠠᠩᠭᠢᠯᠠᠯ ᠳᠤ 20 ᠭᠠᠷᠦᠢ ᠪᠠᠭ ᠣᠷᠣᠯᠴᠠᠭᠰᠠᠨ ᠪᠠᠶᠢᠨ᠎ᠡ᠃ ᠦᠱᠦᠦᠷ ᠲᠣᠭᠯᠠᠭᠠᠮ ᠤᠨ ᠲᠥᠷᠥᠯ ᠳᠤ 5 ᠪᠠᠭ ᠣᠷᠣᠯᠴᠠᠭᠰᠠᠨ᠃ ᠬᠠᠷᠢᠨ ᠰᠤᠷᠤᠭᠴᠢᠳ ᠤᠨ ᠳᠤᠮᠳᠠ ᠵᠣᠬᠢᠶᠠᠨ ᠪᠠᠶᠢᠭᠤᠯᠤᠭᠰᠠᠨ︽ᠨᠠᠷᠠ ᠰᠦᠮᠪᠦ︾ ᠤᠨᠢᠰᠦᠨ ᠲᠣᠭᠯᠠᠭᠠᠮ ᠤᠨ ᠤᠷᠤᠯᠳᠤᠭᠠᠨ ᠳᠤ 15 ᠰᠤᠷᠤᠭᠴᠢ ᠣᠷᠣᠯᠴᠠᠭᠰᠠᠨ ᠶᠤᠮ᠃ ᠮᠣᠩᠭᠤᠯ ᠲᠣᠭᠯᠠᠭᠠᠮ ᠨᠠᠭᠠᠳᠤᠭᠠᠢ ᠪᠠᠷ ᠳᠠᠮᠵᠢᠭᠤᠯᠤᠨ ᠬᠡᠦᠬᠡᠳ ᠤᠨ ᠣᠶᠣᠨ ᠰᠠᠨᠠᠭ᠎ᠠ ᠶᠢ ᠬᠥᠭᠵᠢᠭᠦᠯᠬᠦ᠂ ᠤᠯᠠᠮ ᠢᠶᠠᠷ ᠲᠣᠭᠲᠠᠪᠤᠷᠢᠲᠠᠶ ᠰᠠᠭᠤᠵᠤ ᠰᠤᠷᠭᠠᠬᠤ᠂ ᠵᠥᠪ ᠳᠠᠳᠤᠯ ᠵᠤᠷᠰᠢᠯ ᠲᠠᠢ ᠪᠣᠯᠭᠠᠬᠤ ᠪᠣᠯᠣᠮᠵᠢ ᠨᠡᠭᠡᠭᠡᠯᠲᠡ ᠲᠠᠢ ᠪᠤᠢ᠃