ᠶᠢᠰᠦᠳᠦᠭᠡᠷ ᠰᠠᠷ᠎ᠠ ᠳᠤ 2.4 ᠲᠣᠨ ᠦᠨᠡᠲᠦ ᠮᠧᠲ᠋ᠠᠯ ᠬᠤᠳᠠᠯᠳᠤᠨ ᠠᠪᠴᠠᠢ | News.MN

 ᠶᠢᠰᠦᠳᠦᠭᠡᠷ ᠰᠠᠷ᠎ᠠ ᠳᠤ 2.4 ᠲᠣᠨ ᠦᠨᠡᠲᠦ ᠮᠧᠲ᠋ᠠᠯ ᠬᠤᠳᠠᠯᠳᠤᠨ ᠠᠪᠴᠠᠢ

ᠮᠣᠩᠭᠤᠯ ᠪᠠᠩᠬᠢ 2022 ᠣᠨ ᠤ ᠶᠢᠰᠦᠳᠦᠭᠡᠷ ᠰᠠᠷ᠎ᠠ ᠳᠤ 2416.4 ᠺᠢᠯᠣᠭ᠍ᠷᠠᠮ ᠦᠨᠡᠲᠦ ᠮᠧᠲ᠋ᠠᠯ ᠬᠤᠳᠠᠯᠳᠤᠨ ᠠᠪᠴᠤ᠂ ᠣᠨ ᠤ ᠡᠬᠢᠨ ᠠᠴᠠ ᠥᠰᠦᠭᠰᠡᠨ ᠳ᠋ᠦᠩ ᠢᠶᠠᠷ 15 ᠲᠣᠨ ᠦᠨᠡᠲᠦ ᠮᠧᠲ᠋ᠠᠯ ᠬᠤᠳᠠᠯᠳᠤᠨ ᠠᠪᠤᠭᠠᠳ ᠪᠠᠶᠢᠨ᠎ᠡ ᠭᠡᠵᠦ ᠮᠣᠩᠭᠤᠯ ᠪᠠᠩᠬᠢ ᠠᠴᠠ ᠮᠡᠳᠡᠭᠡᠯᠡᠯ᠎ᠡ᠃ ᠡᠨᠡ ᠨᠢ ᠡᠮᠦᠨᠡᠬᠢ ᠣᠨ ᠤ ᠮᠦᠠ ᠦᠶ᠎ᠡ ᠲᠠᠢ ᠬᠠᠷᠢᠴᠠᠭᠤᠯᠪᠠᠯ ᠨᠢᠭᠡ ᠬᠤᠪᠢ ᠪᠠᠷ ᠥᠰᠦᠭᠰᠡᠨ ᠦᠵᠡᠭᠦᠯᠦᠯᠲᠡ ᠶᠤᠮ᠃

ᠣᠨ ᠤ ᠡᠬᠢᠨ ᠠᠴᠠ ᠥᠰᠦᠭᠰᠡᠨ ᠳ᠋ᠦᠩ ᠢᠶᠠᠷ ᠳᠠᠷᠬᠠᠨ ᠠᠭᠤᠯᠠ ᠠᠶᠢᠮᠠᠭ ᠲᠡᠬᠢ ᠮᠣᠩᠭᠤᠯ ᠪᠠᠩᠬᠢᠨ ᠤ ᠬᠡᠯᠲᠡᠰ 1695.7 ᠺᠢᠯᠣᠭ᠍ᠷᠠᠮ᠂ ᠪᠠᠶᠠᠩᠬᠤᠩᠭᠤᠷ ᠠᠶᠢᠮᠠᠭ  ᠲᠡᠬᠢ ᠮᠣᠩᠭᠤᠯ ᠪᠠᠩᠬᠢᠨ ᠤ ᠬᠡᠯᠲᠡᠰ 1046.9 ᠺᠢᠯᠣᠭ᠍ᠷᠠᠮ ᠦᠨᠡᠲᠦ ᠮᠧᠲ᠋ᠠᠯ ᠲᠤᠰ ᠲᠤᠰ ᠬᠤᠳᠠᠯᠳᠤᠨ ᠠᠪᠤᠭᠰᠠᠨ᠃

ᠰᠡᠳᠬᠢᠭᠳᠡᠯ ᠦᠯᠡᠳᠡᠭᠡᠬᠦ