ᠡᠸᠦ᠋ᠷᠦᠫᠡ ᠲᠠᠢ ᠬᠡᠪᠯᠡᠯ ᠤᠨ ᠡᠷᠭᠡ ᠴᠢᠯᠦᠭᠡ ᠶᠢ ᠬᠠᠩᠭᠠᠬᠤ ᠳᠤ ᠬᠠᠮᠲᠤᠷᠠᠵᠤ ᠠᠵᠢᠯᠯᠠᠨ᠎ᠠ | News.MN

ᠡᠸᠦ᠋ᠷᠦᠫᠡ ᠲᠠᠢ ᠬᠡᠪᠯᠡᠯ ᠤᠨ ᠡᠷᠭᠡ ᠴᠢᠯᠦᠭᠡ ᠶᠢ ᠬᠠᠩᠭᠠᠬᠤ ᠳᠤ ᠬᠠᠮᠲᠤᠷᠠᠵᠤ ᠠᠵᠢᠯᠯᠠᠨ᠎ᠠ

ᠴᠠᠬᠢᠮ ᠬᠥᠭᠵᠢᠯ᠂ ᠬᠠᠷᠢᠯᠴᠠᠭ᠎ᠠ ᠬᠤᠯᠪᠤᠭᠠᠨ ᠤ ᠶᠠᠮᠤᠨ ᠤ ᠰᠠᠶᠢᠳ ᠨ᠊·ᠤᠴᠠᠷᠠᠯ ᠡᠸᠦ᠋ᠷᠦᠫᠡ ᠶᠢᠨ ᠠᠶᠤᠯᠭᠦᠢ ᠪᠠᠶᠢᠳᠠᠯ᠂ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠬᠡᠪᠯᠡᠯ ᠤᠨ ᠡᠷᠭᠡ ᠴᠢᠯᠦᠭᠡᠨ ᠤ ᠠᠰᠠᠭᠤᠳᠠᠯ ᠡᠷᠬᠢᠯᠡᠭᠰᠡᠨ ᠲᠥᠯᠦᠭᠡᠯᠡᠭᠴᠢ  ᠲᠧᠷᠧᠽᠠ ᠷᠢᠪᠸ‌‍ᠷᠤ᠋  ᠶᠢ 10 ᠰᠠᠷ᠎ᠠ ᠶᠢᠨ11 ᠳᠦ ᠬᠦᠯᠢᠶᠡᠨ ᠠᠪᠴᠤ ᠠᠭᠤᠯᠵᠠᠵᠤ᠂ ᠰᠠᠨᠠᠯ ᠰᠣᠯᠢᠯᠴᠠᠵᠠᠢ᠃
ᠠᠭᠤᠯᠵᠠᠯᠲᠠ ᠶᠢᠨ ᠡᠬᠢᠨ ᠳᠤ ᠰᠠᠶᠢᠳ ᠨ᠊ ·ᠤᠴᠠᠷᠠᠯ ᠵᠠᠰᠠᠭ ᠤᠨ ᠭᠠᠵᠠᠷ ᠶᠡᠭᠡ ᠥᠭᠭᠦᠭᠳᠡᠯ ᠢ ᠨᠡᠭᠡᠭᠡᠯᠲᠡ ᠲᠠᠢ ᠪᠣᠯᠭᠠᠬᠤ ᠲᠣᠮᠤᠬᠠᠨ ᠠᠷᠭ᠎ᠠ ᠬᠡᠮᠵᠢᠶ᠎ᠡ ᠨᠦᠭᠦᠳ ᠠᠪᠴᠤ ᠪᠠᠶᠢᠭ᠎ᠠ ᠲᠤᠬᠠᠢ᠂  ᠪᠦᠲᠦᠭᠡᠭᠳᠡᠬᠦᠨ ᠦᠢᠯᠡᠴᠢᠯᠡᠭᠡ ᠪᠠᠨ ᠬᠥᠭᠵᠢᠭᠦᠯᠬᠦ ᠳᠤ ᠬᠡᠷᠡᠭᠴᠡᠭᠡ ᠲᠠᠢ  67 ᠲᠥᠷᠥᠯ ᠤᠨ ᠨᠡᠭᠡᠭᠡᠯᠲᠡ ᠲᠠᠢ ᠮᠡᠳᠡᠭᠡᠯᠡᠯ᠂ 600 ᠭᠠᠷᠦᠢ ᠲᠥᠷᠥᠯ ᠤᠨ ᠨᠡᠭᠡᠭᠡᠯᠲᠡ ᠲᠠᠢ ᠥᠭᠭᠦᠭᠳᠡᠯ ᠢ ᠣᠯᠠᠨ ᠨᠡᠶᠢᠲᠡ ᠳᠤ ᠨᠡᠭᠡᠭᠡᠯᠲᠡ ᠲᠠᠢ ᠪᠣᠯᠭᠠᠬᠤ ᠪᠠᠷ  ᠪᠠᠢᠭ᠎ᠠ ᠪᠠᠨ ᠬᠡᠯᠡᠪᠡ᠃
ᠲᠧᠷᠧᠽᠠ ᠷᠢᠪᠸ‌‍ᠷᠤ᠋ ᠬᠡᠪᠯᠡᠯ ᠤᠨ ᠡᠷᠭᠡ ᠴᠢᠯᠦᠭᠡᠨ ᠳᠤ ᠲᠥᠷᠦ ᠣᠷᠣᠯᠴᠠᠳᠠᠭ ᠦᠭᠡᠢ ᠶᠢ ᠰᠠᠢᠰᠢᠶᠠᠵᠤ᠂ ᠲᠤᠰ ᠪᠠᠶᠢᠭᠤᠯᠤᠯᠭ᠎ᠠ ᠠᠴᠠ ᠬᠡᠪᠯᠡᠯ ᠤᠨ ᠡᠷᠭᠡ ᠴᠢᠯᠦᠭᠡ ᠶᠢ ᠳᠡᠮᠵᠢᠬᠦ ᠴᠢᠭᠯᠡᠯ ᠢᠶᠠᠷ ᠪᠠᠷᠢᠮᠲᠠᠯᠠᠵᠤ ᠪᠤᠶ ᠪᠣᠳᠤᠯᠭ᠎ᠠ᠂ ᠬᠠᠮᠲᠤ ᠶᠢᠨ ᠠᠵᠢᠯᠯᠠᠭᠠᠨ ᠤ ᠴᠢᠭᠯᠡᠯ ᠤᠨ ᠲᠠᠯ᠎ᠠ ᠪᠠᠷ ᠲᠠᠨᠢᠯᠴᠠᠭᠤᠯᠵᠤ᠂ ᠬᠡᠪᠯᠡᠯ ᠤᠨ ᠡᠷᠭᠡ ᠴᠢᠯᠦᠭᠡ ᠶᠢ ᠰᠠᠶᠢᠵᠢᠷᠠᠭᠤᠯᠬᠤ ᠳᠤ ᠬᠠᠮᠲᠤᠷᠠᠨ ᠠᠵᠢᠯᠯᠠᠵᠤ᠂ ᠲᠣᠳᠤᠷᠬᠠᠶ ᠦᠶᠯᠡ ᠠᠵᠢᠯᠯᠠᠭᠠᠨ ᠤ ᠬᠦᠷᠢᠶᠡᠨ ᠳᠤ ᠳᠡᠮᠵᠢᠯᠭᠡ ᠦᠵᠡᠭᠦᠯᠬᠦ ᠪᠠᠨ ᠢᠯᠡᠷᠬᠡᠢᠯᠡᠵᠡᠢ᠃

ᠰᠡᠳᠬᠢᠭᠳᠡᠯ ᠦᠯᠡᠳᠡᠭᠡᠬᠦ