ᠬᠦᠯᠡᠮᠵᠢ ᠶᠢᠨ ᠠᠵᠤ ᠠᠬᠤᠢ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠪᠠᠷ ᠶᠠᠷᠢᠯᠴᠠᠵᠠᠢ | News.MN

ᠬᠦᠯᠡᠮᠵᠢ ᠶᠢᠨ ᠠᠵᠤ ᠠᠬᠤᠢ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠪᠠᠷ ᠶᠠᠷᠢᠯᠴᠠᠵᠠᠢ

ᠭᠠᠳᠠᠭᠠᠳᠤ ᠬᠠᠷᠢᠯᠴᠠᠭᠠᠨ ᠤ ᠳᠡᠳ᠋ ᠪ∙ᠮᠥᠩᠬᠡᠵᠢᠨ ᠨᠢᠳᠧᠷᠯᠠᠨᠳ᠋ ᠤᠨ ᠬᠠᠭᠠᠨᠲᠤ ᠤᠯᠤᠰ ᠤᠨ ᠭᠠᠳᠠᠭᠠᠳᠤ ᠬᠡᠷᠡᠭ ᠤᠨ ᠳᠡᠳ᠋ ᠰᠠᠶᠢᠳ ᠮᠠᠷᠰᠧᠯ ᠳ᠋ᠧ  ᠸᠢᠨᠺ ᠲᠠᠢ  10 ᠳ᠋ᠤᠭᠠᠷ ᠰᠠᠷ᠎ᠠ ᠶᠢᠨ 10 ᠤ ᠡᠳᠦᠷ  ᠭᠠᠭ᠎ᠠ ᠬᠤᠲᠠᠨ᠎ᠠ ᠠᠭᠤᠯᠵᠠᠭᠰᠠᠨ ᠪᠠᠶᠢᠨ᠎ᠡ᠃ ᠪ ∙ ᠮᠥᠩᠬᠡᠵᠢᠨ ᠬᠤᠶᠠᠷ ᠣᠷᠣᠨ ᠤ ᠬᠤᠭᠤᠷᠦᠡᠳᠦ ᠳ᠋ᠢᠫᠯᠤᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠤᠨ ᠣᠶ ᠡᠨᠡ  ᠣᠨ ᠳᠤ ᠲᠣᠬᠢᠶᠠᠵᠤ ᠪᠤᠶ ᠶᠢ ᠲᠡᠮᠳᠡᠭᠯᠡᠭᠡᠳ ᠮᠣᠩᠭᠤᠯ ᠤᠯᠤᠰ ᠡᠸᠦ᠋ᠷᠦᠫᠡ ᠶᠢᠨ ᠬᠤᠯᠪᠣᠭ᠎ᠠ ᠳᠠᠬᠢ ᠭᠤᠣᠯ ᠲᠦᠩᠰᠢ ᠪᠣᠯᠬᠤ ᠨᠢᠳᠧᠷᠯᠠᠨᠳ᠋ ᠤᠯᠤᠰ ᠲᠠᠢ ᠬᠥᠭᠵᠢᠭᠦᠯᠵᠦ ᠪᠤᠶ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠳᠠᠭᠠᠨ ᠦᠡᠳᠦᠷ ᠠᠴᠢ ᠬᠤᠯᠪᠣᠭᠳᠠᠯ  ᠦᠭᠳᠡᠭ ᠢ ᠣᠨᠴᠠᠯᠠᠵᠠᠢ᠃
ᠲᠡᠭᠦᠨᠴᠢᠯᠡᠨ  ᠬᠤᠶᠠᠷ ᠲᠠᠯ᠎ᠠ ᠶᠢᠨ ᠤᠯᠤᠰ ᠲᠥᠷᠦ ᠶᠢᠨ ᠬᠠᠷᠢᠯᠴᠠᠭ᠎ᠠ ᠶᠢ ᠪᠠᠬᠢᠵᠢᠭᠦᠯᠬᠦ᠂ ᠬᠥᠳᠡᠭᠡ ᠠᠵᠤ ᠠᠬᠤᠶ᠂ ᠲᠡᠷᠡ ᠳᠤᠮᠳᠠ ᠪᠠᠨ ᠬᠦᠯᠡᠮᠵᠢ ᠶᠢᠨ ᠠᠵᠤ ᠠᠬᠤᠢ ᠶᠢᠨ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ᠂ ᠮᠡᠷᠭᠡᠰᠢᠭᠦᠯᠬᠦ  ᠰᠤᠷᠭᠠᠯᠲᠠ ᠳᠤ ᠬᠠᠮᠤᠷᠤᠭᠳᠠᠬᠤ ᠂ ᠮᠠᠨ ᠤ ᠵᠠᠯᠠᠭᠤ ᠳ᠋ᠢᠫᠯᠣᠮᠠᠲ ᠤᠳ ᠤᠨ ᠲᠤᠭ᠎ᠠ ᠶᠢ ᠨᠡᠮᠡᠬᠦ ᠵᠡᠷᠭᠡ ᠬᠤᠶᠠᠷ ᠲᠠᠯ᠎ᠠ ᠶᠢᠨ ᠬᠠᠷᠢᠯᠴᠠᠭᠠᠨ ᠤ ᠪᠤᠯᠦᠠ ᠣᠯᠠᠨ ᠤᠯᠤᠰ ᠤᠨ ᠲᠤᠯᠭᠠᠮᠳᠠᠭᠰᠠᠨ ᠠᠰᠠᠭᠤᠳᠠᠯ ᠢᠶᠠᠷ ᠬᠠᠷᠢᠯᠴᠠᠨ ᠶᠠᠷᠢᠯᠴᠠᠵᠠᠢ᠃

ᠰᠡᠳᠬᠢᠭᠳᠡᠯ ᠦᠯᠡᠳᠡᠭᠡᠬᠦ