ᠴᠢᠩᠭᠢᠰ ᠬᠠᠭᠠᠨ ᠤ ᠨᠡᠷ᠎ᠡ  ᠪᠦᠬᠦᠢ ᠴᠢᠯᠠᠭᠤᠨ ᠤ ᠪᠢᠴᠢᠭ ᠤᠨ︽ᠠ︾ᠬᠠᠭᠤᠯᠪᠤᠷᠢ ᠶᠢ ᠪᠠᠶᠢᠷᠢᠯᠠᠭᠤᠯᠵᠠᠢ | News.MN

ᠴᠢᠩᠭᠢᠰ ᠬᠠᠭᠠᠨ ᠤ ᠨᠡᠷ᠎ᠡ  ᠪᠦᠬᠦᠢ ᠴᠢᠯᠠᠭᠤᠨ ᠤ ᠪᠢᠴᠢᠭ ᠤᠨ︽ᠠ︾ᠬᠠᠭᠤᠯᠪᠤᠷᠢ ᠶᠢ ᠪᠠᠶᠢᠷᠢᠯᠠᠭᠤᠯᠵᠠᠢ

ᠤᠯᠤᠰ ᠤᠨ ᠶᠡᠭᠡ ᠬᠤᠷᠠᠯ ᠤᠨ ᠳᠠᠷᠤᠭ᠎ᠠ ᠭᠤᠮᠪᠣᠵᠠᠪ ᠤᠨ ᠽᠠᠨᠳᠠᠨᠰᠢᠲᠠᠷ᠎ᠠ ᠪᠤᠯᠦᠠ ᠤᠯᠤᠰ ᠤᠨ ᠶᠡᠭᠡ ᠬᠤᠷᠠᠯ ᠤᠨ ᠭᠡᠰᠢᠭᠦᠳ 10 ᠰᠠᠷ᠎ᠠ ᠶᠢᠨ11 ᠳᠦ︽ᠴᠢᠩᠭᠢᠰ ᠬᠠᠭᠠᠨ︾ᠮᠦᠽᠧᠢ ᠶᠢᠨ ᠨᠡᠭᠡᠭᠡᠯᠲᠡ ᠶᠢᠨ ᠦᠶᠯᠡ ᠠᠵᠢᠯᠯᠠᠭᠠᠨ ᠳᠤ ᠣᠷᠣᠯᠴᠠᠯ᠎ᠠ᠃
︽ᠴᠢᠩᠭᠢᠰ ᠬᠠᠭᠠᠨ︾ᠮᠦᠽᠧᠶ  ᠳᠦ 12 ᠮᠢᠩᠭ᠎ᠠ ᠣᠷᠴᠢᠮ ᠦᠵᠡᠮᠦᠷᠢ ᠲᠠᠢ ᠪᠥᠭᠡᠳ 92 ᠬᠤᠪᠢ ᠨᠢ  ᠡᠬᠡ ᠦᠵᠡᠮᠦᠷᠢ᠂ ᠦᠯᠡᠳᠡᠬᠦ ᠬᠤᠪᠢ ᠨᠢ ᠭᠠᠳᠠᠭᠠᠳᠤ ᠶᠢᠨ  ᠤᠯᠤᠰ ᠣᠷᠣᠨ ᠤ ᠮᠦᠽᠧᠶ᠂ ᠨᠣᠮ ᠤᠨ ᠰᠠᠩ᠂ ᠠᠷᠬᠢᠸ᠋ ᠳᠤ ᠪᠠᠶᠢᠭ᠎ᠠ ᠵᠠᠷᠢᠮ ᠵᠦᠢᠯᠡᠰ ᠤᠨ ᠬᠠᠭᠤᠯᠪᠤᠷᠢ᠂ ᠤᠷᠠᠨ ᠪᠦᠲᠦᠭᠡᠯ ᠶᠤᠮ᠃ ᠲᠤᠬᠠᠶᠢᠯᠠᠪᠠᠯ᠂ ᠣᠷᠣᠰ   ᠤᠨ ᠡᠷᠮᠢᠲ᠋ᠠᠵ  ᠤᠨ ᠮᠦᠽᠧᠢ ᠠᠴᠠ ᠪᠡᠯᠡᠭᠯᠡᠭᠰᠡᠨ ᠴᠢᠩᠭᠢᠰ ᠤᠨ ᠴᠢᠯᠠᠭᠤᠨ ᠤ ᠪᠢᠴᠢᠭ᠂ ᠬᠤᠪᠢᠯᠠᠢ ᠬᠠᠭᠠᠨ ᠤ ᠲᠡᠩᠭᠢᠰ ᠤᠨ ᠹᠯᠣᠲ ᠤᠨ ᠤᠡᠭᠭᠤᠴᠠ᠂ ᠸᠠᠲ᠋ᠢᠻᠠᠨ ᠤᠯᠤᠰ ᠲᠤ ᠪᠠᠶᠢᠭ᠎ᠠ ᠬᠠᠭᠠᠳ ᠤᠨ ᠵᠡᠬᠢᠳᠡᠯ ᠵᠡᠷᠭᠡ ᠶᠢᠨ︽ᠠ︾ ᠬᠠᠭᠤᠯᠪᠤᠷᠢ ᠶᠢ ᠦᠵᠡᠮᠦᠷᠢ ᠶᠢᠨ ᠬᠤᠷᠭᠤᠨ ᠳᠤ ᠪᠠᠶᠢᠷᠢᠯᠠᠭᠤᠯᠵᠠᠢ᠃
︽ᠡᠨᠡ ᠮᠦᠽᠧᠶ ᠾᠦᠩᠨᠦ ᠶᠢᠨ ᠡᠵᠡᠨᠲᠦ ᠭᠦᠷᠦᠨ ᠤ ᠦᠶ᠎ᠡ ᠠᠴᠠ ᠬᠤᠷᠢᠳᠤᠭᠠᠷ ᠵᠠᠭᠤᠨ ᠤ ᠡᠬᠢ ᠪᠤᠶᠤ 2000 ᠵᠢᠯ ᠤᠨ ᠬᠤᠭᠤᠴᠠᠭᠠᠨ  ᠳᠠᠬᠢ ᠬᠠᠭᠠᠳ᠂ ᠢᠵᠠᠭᠤᠷᠲᠠᠨ᠂ ᠨᠡᠭᠦᠳᠡᠯᠴᠢᠳ ᠤᠨ ᠲᠡᠦᠬᠡ ᠶᠢ ᠴᠣᠭᠴᠠ ᠪᠠᠷ ᠨᠢ ᠬᠠᠷᠠᠭᠤᠯᠤᠭᠰᠠᠨ ᠲᠥᠷᠥᠲᠦ ᠶᠣᠰᠣᠨ ᠤ ᠮᠦᠽᠧᠶ︾ᠭᠡᠳᠡᠭ ᠢ ᠮᠦᠽᠧᠢ ᠶᠢᠨ ᠵᠠᠬᠢᠷᠤᠯ᠂ ᠠᠺᠠᠳᠧᠮᠢᠴᠢ ᠰ᠊ · ᠴᠢᠯᠠᠭᠤᠨ ᠣᠨᠴᠠᠯᠠᠪᠠ᠃

ᠰᠡᠳᠬᠢᠭᠳᠡᠯ ᠦᠯᠡᠳᠡᠭᠡᠬᠦ