ᠰᠣᠨᠤᠰᠬᠠᠯ ᠦᠭᠡᠶ ᠢᠷᠭᠡᠳ ᠤᠨ ᠳᠤᠮᠳᠠ ᠰᠤᠶᠦᠯ ᠤᠷᠠᠯᠢᠭ ᠤᠨ ᠨᠠᠭᠠᠳᠤᠮ ᠢ ᠵᠣᠬᠢᠶᠠᠨ ᠪᠠᠶᠢᠭᠤᠯᠤᠨ᠎ᠠ | News.MN

 ᠰᠣᠨᠤᠰᠬᠠᠯ ᠦᠭᠡᠶ ᠢᠷᠭᠡᠳ ᠤᠨ ᠳᠤᠮᠳᠠ ᠰᠤᠶᠦᠯ ᠤᠷᠠᠯᠢᠭ ᠤᠨ ᠨᠠᠭᠠᠳᠤᠮ ᠢ ᠵᠣᠬᠢᠶᠠᠨ ᠪᠠᠶᠢᠭᠤᠯᠤᠨ᠎ᠠ

ᠬᠥᠭᠵᠢᠯ ᠤᠨ ᠪᠡᠷᠬᠡᠰᠢᠶᠡᠯᠲᠡᠢ ᠢᠷᠭᠡᠳ ᠤᠨ  ᠲᠥᠷᠦ ᠶᠢᠨ ᠪᠤᠰᠤ ᠪᠠᠶᠢᠭᠤᠯᠤᠯᠭ᠎ᠠ ᠠᠴᠠ ᠰᠤᠶᠦᠯ ᠤᠷᠠᠯᠢᠭ ᠤᠨ ᠨᠠᠭᠠᠳᠤᠮ ᠢ ᠵᠣᠬᠢᠶᠠᠨ ᠪᠠᠶᠢᠭᠤᠯᠬᠤ ᠲᠠᠯ᠎ᠠ ᠪᠠᠷ ᠮᠡᠳᠡᠭᠡᠯᠡᠯ ᠬᠢᠯ᠎ᠡ᠃

ᠰᠣᠨᠤᠰᠬᠠᠯ ᠦᠭᠡᠶ ᠢᠷᠭᠡᠳ ᠤᠨ ᠰᠤᠶᠦᠯ ᠤᠷᠠᠯᠢᠭ ᠤᠨ ᠬᠤᠯᠪᠤᠭᠠᠨ ᠤ ᠤᠳᠤᠷᠢᠳᠬᠤ ᠵᠥᠪᠯᠡᠯ ᠤᠨ ᠲᠥᠯᠦᠭᠡᠯᠡᠯ᠄ ᠮᠠᠨ ᠤ ᠬᠤᠯᠪᠣᠭ᠎ᠠ 1986 ᠣᠨ ᠳᠤ ᠪᠠᠶᠢᠭᠤᠯᠤᠭᠳᠠᠭᠰᠠᠨ᠃ ᠪᠢᠳᠡ ᠰᠣᠨᠣᠰᠬᠠᠯ ᠤᠨ ᠪᠡᠷᠬᠡᠰᠢᠶᠡᠯᠲᠡᠢ ᠢᠷᠭᠡᠳ ᠪᠤᠯᠦᠠ ᠲᠡᠳᠡᠨ ᠤ ᠠᠪᠢᠶᠠᠰ ᠢ ᠬᠥᠭᠵᠢᠭᠦᠯᠬᠦ᠂ ᠠᠵᠢᠯᠯᠠᠵᠤ ᠠᠮᠢᠳᠦᠷᠡᠬᠤ ᠲᠡᠭᠰᠢ ᠡᠷᠬᠡ ᠶᠢ ᠨᠢ ᠬᠠᠩᠭᠠᠬᠤ ᠶᠢᠨ ᠲᠥᠯᠥᠭᠡ ᠠᠵᠢᠯᠯᠠᠵᠤ ᠪᠠᠶᠢᠨ᠎ᠡ᠃ ᠮᠠᠨ ᠤ ᠬᠤᠯᠪᠤᠭᠠᠨ ᠤ 35 ᠵᠢᠯ ᠤᠨ ᠣᠶ ᠪᠣᠯᠵᠤ ᠪᠠᠶᠢᠭ᠎ᠠ ᠲᠠᠢ ᠬᠤᠯᠪᠣᠭᠳᠠᠭᠤᠯᠵᠤ ᠬᠡᠦᠬᠡᠯᠳᠡᠢ ᠶᠢᠨ ᠲᠢᠶᠠᠲᠷ ᠲᠤ ᠠᠷᠪᠠᠨ ᠨᠢᠭᠡᠳᠦᠭᠡᠷ ᠰᠠᠷ᠎ᠠ ᠶᠢᠨ 8  ᠳᠦ ᠰᠣᠨᠤᠰᠬᠠᠯ ᠦᠭᠡᠶ ᠢᠷᠭᠡᠳ ᠤᠨ ᠳᠤᠮᠳᠠ ᠰᠤᠶᠦᠯ ᠤᠷᠠᠯᠢᠭ ᠤᠨ ᠨᠠᠭᠠᠳᠤᠮ ᠢ ᠵᠣᠬᠢᠶᠠᠨ ᠪᠠᠶᠢᠭᠤᠯᠤᠨ᠎ᠠ᠃ ᠤᠷᠤᠯᠳᠤᠭᠠᠨ ᠤ ᠪᠦᠷᠢᠳᠬᠡᠯ ᠠᠷᠪᠠᠨ ᠨᠢᠭᠡᠳᠦᠭᠡᠷ ᠰᠠᠷ᠎ᠠ ᠶᠢᠨ 3 ᠠᠴᠠ ᠡᠬᠢᠯᠡᠨ᠎ᠡ᠃ ᠤᠭ ᠤᠷᠤᠯᠳᠤᠭᠠᠨ ᠤ ᠨᠢᠭᠡ ᠣᠨᠴᠠᠯᠢᠭ ᠨᠢ ᠳᠣᠬᠢᠶᠠᠨ ᠤ ᠬᠡᠯᠡ ᠪᠠᠷ ᠳᠣᠬᠢᠵᠤ ᠳᠠᠭᠤᠯᠠᠬᠤ ᠦᠵᠡᠭᠦᠯᠪᠦᠷᠢ ᠶᠤᠮ᠃ ᠳᠠᠭᠤᠤ ᠶᠢᠨ ᠦᠵᠡᠭᠦᠯᠪᠦᠷᠢ ᠳᠤ ᠰᠣᠨᠣᠰᠬᠠᠯ ᠲᠠᠢ ᠢᠷᠭᠡᠳ ᠢ ᠣᠷᠣᠯᠴᠠᠭᠤᠯᠬᠤ ᠲᠥᠯᠥᠪᠯᠡᠭᠡ ᠲᠠᠢ ᠪᠠᠶᠢᠭ᠎ᠠ᠃ ᠤᠴᠢᠷ ᠨᠢ ᠰᠣᠨᠣᠰᠬᠠᠯ ᠲᠠᠢ ᠪᠤᠯᠦᠠ ᠰᠣᠨᠤᠰᠬᠠᠯ ᠦᠭᠡᠶ ᠢᠷᠭᠡᠳ ᠤᠨ ᠬᠤᠭᠤᠷᠤᠨᠳᠤ ᠶᠢᠨ ᠬᠠᠷᠢᠯᠴᠠᠭ᠎ᠠ ᠶᠢ ᠨᠡᠮᠡᠭᠳᠡᠭᠦᠯᠬᠦ ᠳᠤ ᠠᠴᠢ ᠬᠤᠯᠪᠣᠭᠳᠠᠯ ᠲᠠᠢ ᠬᠡᠮᠡᠨ ᠦᠵᠡᠵᠦ ᠪᠠᠶᠢᠨ᠎ᠡ ᠭᠡᠪᠡ᠃

ᠰᠡᠳᠬᠢᠭᠳᠡᠯ ᠦᠯᠡᠳᠡᠭᠡᠬᠦ