ᠬ᠋᠊ · ᠽᠠᠨᠳᠠᠨᠰᠢᠲᠠᠷ᠎ᠠ  ᠲᠦᠷᠻ  ᠲᠦ ᠠᠯᠪᠠᠨ ᠶᠣᠰᠣᠨ ᠤ ᠠᠶᠢᠯᠴᠢᠯᠠᠯ ᠬᠢᠬᠦ ᠪᠠᠷ ᠮᠣᠷᠳᠠᠯ᠎ᠠ | News.MN

ᠬ᠋᠊ · ᠽᠠᠨᠳᠠᠨᠰᠢᠲᠠᠷ᠎ᠠ  ᠲᠦᠷᠻ  ᠲᠦ ᠠᠯᠪᠠᠨ ᠶᠣᠰᠣᠨ ᠤ ᠠᠶᠢᠯᠴᠢᠯᠠᠯ ᠬᠢᠬᠦ ᠪᠠᠷ ᠮᠣᠷᠳᠠᠯ᠎ᠠ

ᠪᠦᠬᠦᠳᠠ ᠨᠠᠶᠢᠷᠠᠮᠳᠠᠬᠤ ᠲᠦᠷᠺ ᠤᠯᠤᠰ ᠤᠨ ᠦᠨᠳᠦᠰᠦᠨ ᠤ ᠶᠡᠭᠡ ᠬᠤᠷᠠᠯ ᠤᠨ ᠳᠠᠷᠤᠭ᠎ᠠ ᠮᠤᠰᠲ᠋ᠠᠹᠠ ᠱᠧᠨᠲ᠋ᠤᠫ ᠤᠨ ᠤᠷᠢᠯᠭ᠎ᠠ ᠪᠠᠷ ᠮᠣᠩᠭᠤᠯ ᠤᠯᠤᠰ ᠤᠨ ᠶᠡᠭᠡ ᠬᠤᠷᠠᠯ ᠤᠨ ᠳᠠᠷᠤᠭ᠎ᠠ ᠭᠤᠮᠪᠣᠵᠠᠪ ᠤᠨ ᠽᠠᠨᠳᠠᠨᠰᠢᠲᠠᠷ᠎ᠠ ᠲᠤᠰ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠬᠦ ᠪᠠᠷ ᠥᠨᠥᠳᠥᠷ ᠮᠣᠷᠳᠠᠯ᠎ᠠ᠃ ᠤᠯᠤᠰ ᠤᠨ ᠶᠡᠭᠡ ᠬᠤᠷᠠᠯ ᠤᠨ ᠳᠠᠷᠤᠭ᠎ᠠ ᠶᠢᠨ ᠠᠯᠪᠠᠨ ᠶᠣᠰᠣᠨ ᠤ ᠠᠶᠢᠯᠴᠢᠯᠠᠯ ᠠᠷᠪᠠᠳᠤᠭᠠᠷ ᠰᠠᠷ᠎ᠠ ᠶᠢᠨ 13  ᠠᠴᠠ 17  ᠪᠤᠯᠲᠠᠯ᠎ᠠ ᠦᠷᠭᠦᠯᠵᠢᠯᠡᠨ᠎ᠡ᠃ ᠡᠨᠡ ᠠᠶᠢᠯᠴᠢᠯᠠᠯ ᠨᠢ ᠦᠡᠳᠦᠷ᠂ ᠲᠡᠭᠡᠳᠦ ᠬᠡᠮᠵᠢᠶᠡᠨ ᠤ ᠶᠠᠷᠢᠶ᠎ᠠ ᠬᠡᠯᠡᠯᠴᠡᠭᠡᠨ ᠤ ᠳᠠᠪᠲᠠᠮᠵᠢ ᠶᠢ ᠬᠠᠳᠠᠭᠠᠯᠠᠬᠤ᠂ ᠬᠠᠤᠯᠢ ᠲᠤᠬᠳᠡᠭᠠᠬᠤ ᠲᠡᠭᠡᠳᠦ ᠪᠠᠶᠢᠭᠤᠯᠤᠯᠭ᠎ᠠ ᠬᠤᠭᠤᠷᠤᠨᠳᠤ ᠶᠢᠨ ᠬᠠᠷᠢᠯᠴᠠᠭ᠎ᠠ ᠶᠢ ᠪᠠᠬᠢᠵᠢᠭᠦᠯᠬᠦ᠂ ᠡᠳ᠋ ᠤᠨ ᠵᠠᠰᠠᠭ᠂ ᠬᠤᠳᠠᠯᠳᠤᠭ᠎ᠠ ᠪᠤᠯᠦᠠ ᠪᠤᠰᠤᠳ ᠰᠠᠯᠪᠤᠷᠢ ᠳᠤ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠴᠢᠬᠤᠯᠠ ᠠᠴᠢ ᠬᠤᠯᠪᠣᠭᠳᠠᠯ ᠲᠠᠢ᠃
ᠠᠶᠢᠯᠴᠢᠯᠠᠯ ᠤᠨ ᠦᠶ᠎ᠡ ᠪᠠᠷ ᠬ᠋᠊ ·ᠽᠠᠨᠳᠠᠨᠰᠢᠲᠠᠷ᠎ᠠ ᠪᠦᠬᠦᠳᠠ ᠨᠠᠶᠢᠷᠠᠮᠳᠠᠬᠤ ᠲᠦᠷᠻ ᠤᠯᠤᠰ  ᠤᠨ ᠦᠨᠳᠦᠰᠦᠨ ᠤ ᠶᠡᠭᠡ ᠬᠤᠷᠠᠯ ᠤᠨ ᠳᠠᠷᠤᠭ᠎ᠠ ᠮ᠊∙ᠱᠧᠨᠲ᠋ᠤᠫ  ᠲᠠᠢ ᠠᠯᠪᠠᠨ ᠶᠣᠰᠣᠨ ᠤ ᠬᠡᠯᠡᠯᠴᠡᠭᠡ ᠬᠢᠵᠦ᠂ ᠪᠦᠬᠦᠳᠠ ᠨᠠᠶᠢᠷᠠᠮᠳᠠᠬᠤ ᠲᠦᠷᠻ ᠤᠯᠤᠰ  ᠤᠨ ᠶᠡᠷᠦᠩᠬᠡᠶᠢᠯᠡᠭᠴᠢ ᠷ᠊·ᠡᠷᠳᠤᠭᠠᠨ ᠳᠤ  ᠪᠠᠷᠠᠯᠬᠠᠵᠤ᠂ ᠮᠦᠨ ᠪᠦᠬᠦᠳᠠ ᠨᠠᠶᠢᠷᠠᠮᠳᠠᠬᠤ ᠲᠦᠷᠻ ᠤᠯᠤᠰ  ᠤᠨ ᠦᠨᠳᠦᠰᠦᠨ ᠬᠠᠤᠯᠢ ᠶᠢᠨ ᠰᠡᠴᠡ ᠶᠢᠨ ᠳᠠᠷᠤᠭ᠎ᠠ ᠵ᠊ ·ᠠᠷᠰᠯᠠᠨ᠂  ᠪᠦᠬᠦᠳᠠ ᠨᠠᠶᠢᠷᠠᠮᠳᠠᠬᠤ ᠲᠦᠷᠻ ᠤᠯᠤᠰ  ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠶᠡᠷᠦᠩᠬᠡᠶᠢᠯᠡᠭᠴᠢ᠂ ᠫᠷᠣᠹᠧᠰᠰᠣᠷ᠂ ᠳ᠋ᠣᠺᠲ᠋ᠣᠷ ᠮ᠊∙ᠱᠧᠺᠧᠷ ᠲᠠᠢ ᠠᠭᠤᠯᠵᠠᠯᠲᠠ ᠨᠤᠭᠤᠳ ᠬᠢᠨ᠎ᠡ᠃

ᠰᠡᠳᠬᠢᠭᠳᠡᠯ ᠦᠯᠡᠳᠡᠭᠡᠬᠦ