ᠰᠣᠶᠤᠯ ᠤᠨ ᠪᠦᠲᠦᠭᠡᠯᠴᠢ ᠦᠢᠯᠡᠳᠪᠦᠷᠢᠯᠡᠯ ᠢ ᠳᠡᠮᠵᠢᠬᠦ ᠵᠥᠪᠯᠡᠯ ᠤᠨ ᠠᠩᠬᠠᠳᠤᠭᠠᠷ ᠬᠤᠷᠠᠯ ᠪᠣᠯᠣᠯ᠎ᠠ | News.MN

ᠰᠣᠶᠤᠯ ᠤᠨ ᠪᠦᠲᠦᠭᠡᠯᠴᠢ ᠦᠢᠯᠡᠳᠪᠦᠷᠢᠯᠡᠯ ᠢ ᠳᠡᠮᠵᠢᠬᠦ ᠵᠥᠪᠯᠡᠯ ᠤᠨ ᠠᠩᠬᠠᠳᠤᠭᠠᠷ ᠬᠤᠷᠠᠯ ᠪᠣᠯᠣᠯ᠎ᠠ

ᠮᠣᠩᠭᠣᠯ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠨ ᠳᠡᠷᠭᠡᠳᠡ ᠰᠣᠶᠤᠯ ᠤᠨ ᠪᠦᠲᠦᠭᠡᠯᠴᠢ ᠦᠢᠯᠡᠳᠪᠦᠷᠢᠯᠡᠯ ᠢ ᠳᠡᠮᠵᠢᠬᠦ ᠵᠥᠪᠯᠡᠯ ᠢ ᠪᠠᠶᠢᠭᠤᠯᠵᠤ᠂ ᠦᠶᠯᠡ ᠠᠵᠢᠯᠯᠠᠭ᠎ᠠ ᠪᠠᠨ ᠡᠬᠢᠯᠡᠭᠦᠯᠦᠯ᠎ᠡ᠃ ᠲᠤᠰ ᠵᠥᠪᠯᠡᠯ ᠨᠢ ᠰᠣᠶᠤᠯ ᠤᠨ ᠪᠦᠲᠦᠭᠡᠯᠴᠢ ᠦᠢᠯᠡᠳᠪᠦᠷᠢᠯᠡᠯ ᠢ ᠬᠥᠭᠵᠢᠭᠦᠯᠬᠦ᠂ ᠰᠠᠯᠪᠤᠷᠢ ᠶᠢᠨ ᠲᠣᠭᠲᠠᠪᠤᠷᠢᠲᠠᠶ ᠬᠥᠭᠵᠢᠯ ᠢ ᠳᠡᠮᠵᠢᠬᠦ ᠴᠢᠭᠯᠡᠯ ᠢᠶᠠᠷ ᠠᠵᠢᠯᠯᠠᠬᠤ ᠪᠦᠭᠡᠳ ᠲᠡᠳᠡᠨ ᠦ ᠠᠩᠬᠠᠳᠤᠭᠠᠷ ᠬᠤᠷᠠᠯ 10 ᠰᠠᠷ᠎ᠠ ᠶᠢᠨ12 ᠳᠦ ᠪᠣᠯᠣᠯ᠎ᠠ᠃

ᠵᠥᠪᠯᠡᠯ ᠤᠨ ᠦᠶᠯᠡ ᠠᠵᠢᠯᠯᠠᠭᠠᠨ ᠤ ᠴᠢᠭᠯᠡᠯ ᠢ ᠡᠳ᠋ ᠤᠨ ᠵᠠᠰᠠᠭ ᠤᠨ ᠡᠷᠭᠢᠯᠲᠡ ᠶᠢ ᠳᠡᠮᠵᠢᠬᠦ᠂ ᠬᠥᠮᠥᠨ ᠤ ᠨᠥᠭᠡᠴᠡ ᠶᠢ ᠪᠡᠯᠡᠳᠴᠦ ᠴᠢᠳᠠᠪᠬᠢᠵᠢᠭᠤᠯᠬᠤ᠂ ᠣᠶᠤᠨ ᠤ ᠥᠮᠴᠢ ᠶᠢ ᠬᠠᠮᠡᠭᠠᠯᠡᠬᠤ ᠭᠡᠰᠡᠨ ᠦᠨᠳᠦᠰᠦᠨ ᠭᠤᠷᠪᠠᠨ ᠬᠦᠷᠢᠶᠡᠨ ᠳᠤ ᠶᠠᠪᠤᠭᠤᠯᠬᠤ ᠪᠠᠷ ᠲᠥᠯᠥᠪᠯᠡᠵᠦ ᠪᠤᠢ ᠶᠢ ᠵᠥᠪᠯᠡᠯ ᠤᠨ ᠳᠠᠷᠤᠭ᠎ᠠ ᠡ᠊ · ᠴᠢᠩᠵᠣᠷᠢᠭ ᠬᠡᠯᠡᠪᠡ᠃

ᠰᠡᠳᠬᠢᠭᠳᠡᠯ ᠦᠯᠡᠳᠡᠭᠡᠬᠦ