ᠮᠣᠩᠭᠣᠯ ᠡᠮᠡᠭᠲᠡᠢ ᠬᠦᠴᠦᠷᠬᠡᠶᠢᠯᠡᠯ ᠳᠦ ᠥᠷᠲᠦᠭᠰᠡᠨ ᠬᠡᠷᠡᠭ  ᠢ ᠰᠢᠯᠭᠠᠵᠤ ᠪᠠᠶᠢᠨ᠎ᠠ | News.MN

ᠮᠣᠩᠭᠣᠯ ᠡᠮᠡᠭᠲᠡᠢ ᠬᠦᠴᠦᠷᠬᠡᠶᠢᠯᠡᠯ ᠳᠦ ᠥᠷᠲᠦᠭᠰᠡᠨ ᠬᠡᠷᠡᠭ  ᠢ ᠰᠢᠯᠭᠠᠵᠤ ᠪᠠᠶᠢᠨ᠎ᠠ

ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠲᠤ ᠮᠣᠩᠭᠣᠯ ᠡᠮᠡᠭᠲᠡᠢ ᠪᠤᠰᠤᠳ ᠲᠤ ᠵᠣᠳᠣᠭᠤᠯᠵᠤ ᠪᠤᠢ ᠪᠢᠴᠢᠯᠭᠡ ᠨᠡᠶᠢᠭᠡᠮ ᠤᠨ ᠰᠦᠯᠵᠢᠶᠡᠨ ᠳᠦ ᠥᠴᠥᠭᠡᠳᠦᠷ ᠲᠠᠷᠬᠠᠭᠰᠠᠨ᠃ ᠡᠭᠦᠨ ᠲᠡᠢ ᠬᠣᠯᠪᠣᠭᠠᠲᠠᠢ ᠪᠠᠷ ᠲᠤᠰ ᠤᠯᠤᠰ ᠲᠤ ᠰᠠᠭᠤᠭ᠎ᠠ ᠮᠣᠩᠭᠣᠯ ᠤᠯᠤᠰ ᠤᠨ ᠡᠯᠴᠢᠨ ᠰᠠᠶᠢᠳ ᠤᠨ ᠶᠠᠮᠤᠨ ᠤᠭ ᠬᠡᠷᠡᠭ ᠲᠦ ᠠᠩᠬᠠᠷᠤᠯ ᠢᠶᠠᠨ ᠬᠠᠨᠳᠤᠭᠤᠯᠵᠤ᠂ ᠴᠠᠭᠳᠠᠭ᠎ᠠ ᠶᠢᠨ ᠪᠠᠶᠢᠭᠤᠯᠤᠯᠭ᠎ᠠ ᠲᠠᠢ ᠬᠣᠯᠪᠣᠭᠳᠠᠨ ᠬᠠᠮᠲᠤᠷᠠᠵᠤ ᠠᠵᠢᠯᠯᠠᠵᠤ ᠪᠠᠶᠢᠨ᠎ᠠ ᠭᠡᠬᠦ ᠲᠠᠶᠢᠯᠪᠤᠷᠢ ᠶᠢ ᠴᠠᠬᠢᠮ ᠬᠠᠭᠤᠳᠠᠰᠤ ᠪᠠᠷ ᠢᠶᠠᠨ ᠮᠡᠳᠡᠭᠳᠡᠭᠰᠡᠨ ᠪᠠᠶᠢᠨ᠎ᠠ᠃
ᠠᠯᠪᠠᠨ ᠤ ᠡᠬᠢ ᠰᠤᠷᠪᠤᠯᠵᠢ ᠶᠢᠨ ᠮᠡᠳᠡᠭᠡᠯᠡᠭᠰᠡᠨ ᠢᠶᠡᠷ ᠪᠢᠴᠢᠯᠭᠡ ᠲᠠᠷᠬᠠᠬᠤ ᠬᠦᠷᠲᠡᠯ᠎ᠡ ᠢᠷᠭᠡᠳ ᠡᠴᠡ ᠶᠠᠮᠠᠷ ᠨᠢᠭᠡ ᠭᠣᠮᠣᠳᠠᠯ᠂ ᠮᠡᠳᠡᠭᠡᠯᠡᠯ ᠢᠷᠡᠭᠡ ᠦᠭᠡᠢ ᠪᠠᠶᠢᠭᠰᠠᠨ ᠲᠤᠯᠠ ᠮᠠᠨ ᠤ ᠤᠯᠤᠰ ᠤᠨ ᠳ᠋ᠢᠫᠯᠣᠮᠠᠲ ᠲᠥᠯᠥᠭᠡᠯᠡᠭᠴᠢ ᠶᠢᠨ ᠭᠠᠵᠠᠷ ᠠᠴᠠ ᠤᠭ ᠬᠡᠷᠡᠭ ᠬᠡᠵᠢᠶ᠎ᠡ᠂ ᠬᠠᠮᠢᠭ᠎ᠠ ᠪᠣᠯᠤᠭᠰᠠᠨ᠂ ᠲᠤᠬᠠᠢ ᠶᠢᠨ ᠢᠷᠭᠡᠨ ᠬᠡᠨ ᠪᠣᠯᠬᠤ ᠲᠠᠯ᠎ᠠ ᠪᠠᠷ ᠵᠡᠷᠭᠡ ᠶᠢ ᠲᠣᠳᠣᠷᠠᠭᠤᠯᠬᠤ ᠪᠠᠷ ᠴᠠᠭᠳᠠᠭ᠎ᠠ ᠶᠢᠨ ᠪᠠᠶᠢᠭᠤᠯᠤᠯᠭ᠎ᠠ ᠳᠤ ᠬᠠᠨᠳᠤᠭᠰᠠᠨ  ᠭᠡᠨ᠎ᠡ᠃

ᠰᠡᠳᠬᠢᠭᠳᠡᠯ ᠦᠯᠡᠳᠡᠭᠡᠬᠦ