ᠠᠯᠲᠠᠨ ᠴᠣᠮᠣ ᠶᠢᠨ ᠡᠵᠡᠳ ᠢ ᠬᠦᠯᠢᠶᠡᠨ ᠠᠪᠴᠤ ᠠᠭᠤᠯᠵᠠᠪᠠ | News.MN

ᠠᠯᠲᠠᠨ ᠴᠣᠮᠣ ᠶᠢᠨ ᠡᠵᠡᠳ ᠢ ᠬᠦᠯᠢᠶᠡᠨ ᠠᠪᠴᠤ ᠠᠭᠤᠯᠵᠠᠪᠠ

ᠸᠣᠯᠧᠢᠪᠣᠯ ᠤᠨ ᠵᠠᠯᠠᠭᠤᠴᠤᠳ ᠤᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠠᠯᠲᠠᠨ ᠴᠣᠮᠣ ᠶᠢᠨ ᠡᠵᠡᠨ ᠪᠣᠯᠤᠭᠰᠠᠨ ᠪᠠᠭ ᠲᠠᠮᠢᠷᠴᠢᠳ ᠢᠶᠠᠨ ᠪᠠᠶᠠᠨᠬᠣᠩᠭᠣᠷ  ᠠᠢᠮᠠᠭ ᠤᠨ ᠤᠳᠤᠷᠢᠳᠤᠯᠭ᠎ᠠ ᠨᠠᠷ ᠤᠯᠠᠭᠠᠨᠪᠠᠭᠠᠲᠤᠷ ᠬᠤᠲᠠᠨ᠎ᠠ ᠬᠦᠯᠢᠶᠡᠨ ᠠᠪᠴᠤ ᠠᠭᠤᠯᠵᠠᠪᠠ᠃ ᠠ᠊ ∙  ᠤᠴᠢᠭᠡᠷᠡᠯ ᠠᠬᠠᠯᠠᠬᠤ ᠳᠠᠰᠬᠠᠯᠵᠢᠭᠤᠯᠤᠭᠴᠢ ᠲᠠᠢ᠂ ᠪ ∙ ᠠᠩᠬᠠᠪᠠᠶᠠᠷ ᠮᠧᠨᠧᠵᠧᠷ ᠲᠡᠢ᠂ ᠳ ∙ ᠷᠠᠳᠨᠠᠷᠠᠨᠴᠠᠰ ᠠᠬᠠᠯᠠᠭᠴᠢ ᠲᠠᠢ ᠲᠤᠰ ᠪᠠᠭ ᠤᠨ ᠬᠢᠨ ᠤᠯᠤᠰ  ᠲᠤ ᠠᠩᠬ᠎ᠠ ᠤᠳᠠᠭ᠎ᠠ ᠠᠯᠲᠠᠨ ᠴᠣᠮᠣ ᠭᠠᠷᠳᠠᠭᠰᠠᠨ ᠶᠤᠮ᠃
ᠠᠢᠮᠠᠭ ᠤᠨ ᠵᠠᠰᠠᠭ ᠳᠠᠷᠤᠭ᠎ᠠ ᠳ ∙ ᠮᠥᠩᠬᠡᠰᠠᠶᠢᠬᠠᠨ ᠠᠶᠢᠮᠠᠭ ᠤᠨ ᠸᠣᠯᠧᠢᠪᠣᠯ ᠤᠨ ᠬᠣᠯᠪᠣᠭᠠᠨ ᠤ ᠲᠡᠷᠢᠭᠦᠨ ᠢᠶᠡᠷ ᠠᠵᠢᠯᠯᠠᠳᠠᠭ ᠪᠥᠭᠡᠳ ᠣᠷᠣᠨ ᠨᠤᠲᠤᠭ ᠤᠨ ᠠᠪᠢᠶᠠᠰᠯᠢᠭ ᠵᠠᠯᠠᠭᠤᠰ ᠢᠶᠠᠨ ᠳᠡᠮᠵᠢᠨ ᠪᠠᠭ ᠪᠦᠷᠢᠳᠦᠭᠦᠯᠬᠦ᠂ ᠲᠡᠳᠡᠨ ᠦ ᠠᠮᠢᠳᠤᠷᠠᠬᠤ ᠣᠷᠣᠨ ᠪᠠᠶᠢᠷᠢ᠂ ᠬᠢᠴᠢᠶᠡᠯ ᠰᠤᠷᠭᠠᠭᠤᠯᠢ ᠪᠠᠨ ᠪᠠᠶᠢᠩᠭᠤ ᠶᠢᠨ ᠬᠢᠬᠦ ᠲᠠᠩᠬᠢᠮ ᠲᠠᠢ ᠪᠣᠯᠭᠠᠭᠰᠠᠨ ᠵᠡᠷᠭᠡ ᠪᠡᠷ ᠳᠡᠮᠵᠢᠵᠡᠢ᠃ ᠬᠣᠩᠭᠣᠷ ᠨᠤᠲᠤᠭ ᠤᠨ ᠢᠶᠠᠨ ᠨᠡᠷ᠎ᠡ ᠶᠢ ᠤᠯᠤᠰ ᠲᠤ ᠪᠠᠨ ᠭᠠᠷᠭᠠᠭᠰᠠᠨ ᠲᠤᠰ ᠪᠠᠭ ᠲᠠᠮᠢᠷᠴᠢᠳ ᠢ ᠴᠢᠨᠠᠭᠰᠢᠳᠠ ᠳᠡᠮᠵᠢᠵᠦ ᠬᠠᠮᠲᠤᠷᠠᠨ ᠠᠵᠢᠯᠯᠠᠬᠤ ᠪᠠᠨ ᠠᠭᠤᠯᠵᠠᠯᠲᠠ ᠶᠢᠨ ᠦᠶ᠎ᠡ ᠪᠡᠷ ᠠᠶᠢᠮᠠᠭ ᠤᠨ ᠤᠳᠤᠷᠢᠳᠤᠯᠭ᠎ᠠ ᠨᠠᠷ ᠢᠯᠡᠷᠬᠡᠶᠢᠯᠡᠭᠡᠳ ᠳᠡᠭᠡᠳᠦ ᠯᠢᠭ ᠦᠨ ᠲᠡᠮᠡᠴᠡᠭᠡᠨ ᠳᠦ ᠨᠢ ᠠᠮᠵᠢᠯᠲᠠ ᠬᠦᠰᠡᠪᠡ᠃

ᠰᠡᠳᠬᠢᠭᠳᠡᠯ ᠦᠯᠡᠳᠡᠭᠡᠬᠦ