ᠭ ∙ᠽᠠᠨᠳᠠᠨᠰᠢᠲᠠᠷ᠎ᠠ ᠲᠦᠷᠺ ᠤᠯᠤᠰ ᠤᠨ ᠶᠡᠷᠦᠩᠬᠡᠶᠢᠯᠡᠭᠴᠢ  ᠳᠤ ᠪᠠᠷᠠᠭᠠᠯᠬᠠᠯ᠎ᠠ | News.MN

ᠭ ∙ᠽᠠᠨᠳᠠᠨᠰᠢᠲᠠᠷ᠎ᠠ ᠲᠦᠷᠺ ᠤᠯᠤᠰ ᠤᠨ ᠶᠡᠷᠦᠩᠬᠡᠶᠢᠯᠡᠭᠴᠢ  ᠳᠤ ᠪᠠᠷᠠᠭᠠᠯᠬᠠᠯ᠎ᠠ

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠲᠦᠷᠺ ᠤᠯᠤᠰ ᠤᠨ ᠶᠡᠷᠦᠩᠬᠡᠶᠢᠯᠡᠭᠴᠢ ᠷᠧᠵᠧᠫ ᠲᠠᠢᠫ  ᠡᠷᠳᠤᠭᠠᠨ ᠳᠤ 10 ᠰᠠᠷ᠎ᠠ ᠶᠢᠨ17 ᠳᠦ ᠪᠠᠷᠠᠭᠠᠯᠬᠠᠯ᠎ᠠ᠃ ᠠᠭᠤᠯᠵᠠᠯᠲᠠ ᠪᠠᠷ ᠲᠠᠯ᠎ᠠ ᠨᠤᠭᠤᠳ ᠥᠨᠢ ᠡᠷᠲᠡᠨ ᠡᠴᠡ ᠲᠡᠦᠬᠡ᠂ ᠰᠤᠶᠤᠯ ᠤᠨ ᠬᠡᠯᠬᠢᠶ᠎ᠡ ᠬᠣᠯᠪᠣᠭ᠎ᠠ ᠲᠠᠢ《ᠭᠤᠷᠪᠠᠳᠠᠭᠴᠢ ᠬᠥᠷᠰᠢ》ᠮᠣᠩᠭᠣᠯ᠂ ᠲᠦᠷᠺ ᠦᠨ ᠡᠨᠡ ᠬᠦ ᠨᠠᠶᠢᠷᠰᠠᠭ ᠬᠠᠷᠢᠯᠴᠠᠭ᠎ᠠ ᠶᠢ ᠰᠢᠨ᠎ᠡ ᠱᠠᠲᠤᠨ ᠳᠤ ᠠᠬᠢᠭᠤᠯᠬᠤ ᠰᠤᠨᠢᠷᠬᠠᠯ ᠢᠶᠠᠨ ᠬᠠᠷᠢᠯᠴᠠᠨ ᠨᠣᠲᠠᠯᠠᠵᠤ᠂ ᠬᠠᠮᠲᠤ ᠶᠢᠨ ᠠᠵᠢᠯᠯᠠᠭ᠎ᠠ ᠶᠢ ᠬᠤᠳᠠᠯᠳᠤᠭ᠎ᠠ᠂ ᠡᠳ᠋ ᠦᠨ ᠵᠠᠰᠠᠭ᠂ ᠪᠠᠲᠤᠯᠠᠨ ᠬᠠᠮᠠᠭᠠᠯᠠᠬᠤ᠂ ᠰᠤᠶᠤᠯ᠂ ᠠᠶᠠᠯᠠᠯ ᠵᠢᠭᠤᠯᠴᠢᠯᠠᠯ᠂ ᠪᠣᠯᠪᠠᠰᠤᠷᠠᠯ ᠵᠡᠷᠭᠡ ᠥᠷᠭᠡᠨ ᠬᠦᠷᠢᠶᠡᠨ ᠦ ᠰᠠᠯᠪᠤᠷᠢ ᠳᠤ ᠪᠡᠬᠢᠵᠢᠭᠦᠯᠦᠨ ᠬᠥᠭᠵᠢᠭᠦᠯᠬᠦ ᠲᠠᠯ᠎ᠠ ᠪᠠᠷ ᠰᠠᠨᠠᠯ ᠰᠣᠯᠢᠯᠴᠠᠯ᠎ᠠ᠃

ᠰᠠᠶ᠋ᠢᠬᠠᠨ ᠰᠠᠮᠠᠷᠺᠠᠨᠳ᠋ ᠬᠤᠲᠠ ᠳᠤ ᠪᠣᠯᠤᠭᠰᠠᠨ ᠮᠣᠩᠭᠣᠯ᠂ ᠲᠦᠷᠺ ᠤᠨ ᠲᠥᠷᠥ ᠶᠢᠨ ᠲᠡᠷᠢᠭᠦᠨ ᠨᠠᠷ ᠤᠨ ᠠᠭᠤᠯᠵᠠᠯᠲᠠ ᠶᠢᠨ ᠦᠷᠭᠦᠯᠵᠢᠯᠡᠯ ᠪᠣᠯᠭᠠᠨ ᠬᠣᠶᠠᠷ ᠲᠠᠯ᠎ᠠ ᠶᠢᠨ ᠥᠨᠳᠥᠷ ᠳᠡᠭᠡᠳᠦ ᠲᠦᠪᠰᠢᠨ ᠦ ᠶᠠᠷᠢᠶ᠎ᠠ ᠬᠡᠯᠡᠯᠴᠡᠭᠡ ᠢᠳᠡᠪᠬᠢᠲᠡᠢ ᠥᠷᠨᠢᠵᠦ᠂ ᠡᠶᠢᠨᠬᠦᠦ ᠶᠡᠷᠦᠩᠬᠡᠶᠢᠯᠡᠭᠴᠢ  ᠡᠷᠳᠤᠭᠠᠨ ᠲᠠᠢ ᠠᠭᠤᠯᠵᠠᠵᠤ ᠪᠠᠶᠢᠭ᠎ᠠ ᠳᠤ ᠪᠠᠨ ᠪᠠᠶᠠᠷᠲᠠᠢ ᠪᠤᠢ ᠪᠠᠨ ᠤᠯᠤᠰ ᠤᠨ ᠶᠡᠬᠡ ᠬᠤᠷᠠᠯ ᠤᠨ ᠳᠠᠷᠤᠭ᠎ᠠ ᠢᠯᠡᠷᠬᠡᠶᠢᠯᠡᠭᠡᠳ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠮᠡᠨᠳᠦᠴᠢᠯᠡᠭᠡ᠂ ᠤᠷᠢᠯᠭ᠎ᠠ ᠶᠢ ᠭᠠᠷᠳᠠᠭᠤᠯᠪᠠ᠃

ᠰᠡᠳᠬᠢᠭᠳᠡᠯ ᠦᠯᠡᠳᠡᠭᠡᠬᠦ