ᠯ ∙ᠤᠶᠤᠡᠡᠷᠳᠡᠨᠢ ᠭᠧᠷᠮᠠᠨ ᠤ ᠺᠠᠨᠼᠯᠧᠷ ᠣᠯᠠᠹ ᠱᠤᠯᠢᠼ ᠨᠠᠷ ᠠᠯᠪᠠᠨ ᠶᠣᠰᠣᠨ ᠤ ᠬᠡᠯᠡᠯᠴᠡᠭᠡ ᠬᠢᠯ᠎ᠡ | News.MN

ᠯ ∙ᠤᠶᠤᠡᠡᠷᠳᠡᠨᠢ ᠭᠧᠷᠮᠠᠨ ᠤ ᠺᠠᠨᠼᠯᠧᠷ ᠣᠯᠠᠹ ᠱᠤᠯᠢᠼ ᠨᠠᠷ ᠠᠯᠪᠠᠨ ᠶᠣᠰᠣᠨ ᠤ ᠬᠡᠯᠡᠯᠴᠡᠭᠡ ᠬᠢᠯ᠎ᠡ

ᠮᠣᠩᠭᠣᠯ ᠤᠯᠤᠰ ᠤᠨ ᠶᠡᠷᠦᠩᠬᠡᠢ ᠰᠠᠶᠢᠳ ᠯ∙ᠤᠶᠤᠡᠡᠷᠳᠡᠨᠢ ᠧᠦ᠋ᠷᠣᠫᠠ ᠶᠢᠨ ᠣᠷᠣᠨ ᠨᠤᠭᠤᠳ ᠳᠠᠬᠢ ᠠᠩᠬᠠᠨ ᠤ ᠠᠯᠪᠠᠨ ᠶᠣᠰᠣᠨ ᠤ  ᠠᠢᠯᠴᠢᠯᠠᠯ ᠢᠶᠠᠨ ᠭᠧᠷᠮᠠᠨ ᠤᠯᠤᠰ ᠠᠴᠠ ᠡᠬᠢᠯᠡᠭᠦᠯᠦᠭᠰᠡᠨ᠃ ᠲᠡᠷᠡ ᠬᠣᠯᠪᠣᠭᠠᠨ ᠤ ᠶᠡᠷᠦᠩᠬᠡᠶᠢᠯᠡᠭᠴᠢ ᠳᠦ ᠪᠠᠷᠠᠭᠠᠯᠬᠠᠵᠤ᠂ ᠬᠣᠯᠪᠣᠭᠠᠨ ᠤ ᠺᠠᠨᠼᠯᠧᠷ  ᠲᠠᠢ ᠠᠯᠪᠠᠨ ᠶᠣᠰᠣᠨ ᠤ ᠬᠡᠯᠡᠯᠴᠡᠭᠡ ᠬᠢᠵᠦ᠂ ᠬᠣᠶᠠᠷ ᠤᠯᠤᠰ ᠤᠨ ᠬᠠᠷᠢᠯᠴᠠᠭ᠎ᠠ ᠶᠢ ᠰᠲᠷᠠᠲ᠋ᠧᠭᠢ ᠶᠢᠨ ᠲᠦᠩᠰᠢᠯᠡᠯ ᠳᠦ ᠬᠦᠷᠭᠡᠬᠦ ᠲᠠᠯ᠎ᠠ ᠪᠠᠷ ᠵᠠᠷᠴᠢᠮ ᠤᠨ ᠬᠤᠪᠢ ᠳᠤ ᠲᠣᠬᠢᠷᠠᠯᠴᠠᠯ᠎ᠠ᠃
ᠮᠣᠩᠭᠣᠯ ᠤᠯᠤᠰ︽ᠶᠡᠬᠡ ᠳᠣᠯᠣᠭ᠎ᠠ︾ ᠶᠢᠨ ᠳᠡᠭᠡᠳᠦ ᠬᠡᠮᠵᠢᠶᠡᠨ ᠦ ᠠᠭᠤᠯᠵᠠᠯᠲᠠ ᠪᠠᠷ ᠶᠠᠷᠢᠭᠳᠠᠭᠰᠠᠨ ᠳᠡᠳ᠋ ᠪᠦᠲᠦᠴᠡ᠂ ᠬᠥᠷᠥᠩᠭᠡ ᠣᠷᠣᠭᠤᠯᠤᠯᠲᠠ ᠶᠢᠨ ᠲᠥᠰᠥᠯ᠂ ᠬᠥᠲᠥᠯᠪᠦᠷᠢ ᠳᠦ ᠪᠠᠭᠲᠠᠵᠤ᠂ ᠲᠦᠩᠰᠢᠯᠡᠨ ᠠᠵᠢᠯᠯᠠᠬᠤ᠂ ᠡᠮᠦᠨ᠎ᠡ ᠶᠢᠨ ᠭᠣᠪᠢ ᠳᠤ ᠪᠠᠷᠢᠭᠳᠠᠵᠤ ᠪᠤᠢ ᠲᠠᠪᠤᠨᠲᠣᠯᠣᠭᠠᠢ ᠴᠠᠬᠢᠯᠭᠠᠨ ᠰᠲ᠋ᠠᠨᠼ᠂ ᠳᠤᠯᠠᠭᠠᠨ ᠤ ᠲᠠᠪᠤᠳᠤᠭᠠᠷ ᠴᠠᠬᠢᠯᠭᠠᠨ ᠰᠲ᠋ᠠᠨᠼ ᠵᠡᠷᠭᠡ ᠲᠣᠮᠣᠬᠠᠨ ᠲᠥᠰᠥᠯ ᠦᠳ ᠲᠦ ᠭᠧᠷᠮᠡᠨ ᠤᠯᠤᠰ ᠬᠠᠮᠲᠤᠷᠠᠬᠤ ᠶᠢ ᠶᠡᠷᠦᠩᠬᠡᠢ ᠰᠠᠶᠢᠳ ᠬᠦᠰᠡᠪᠡ᠃
ᠭᠠᠵᠠᠷ ᠤᠨ ᠬᠣᠪᠣᠷ ᠡᠯᠧᠮᠧᠨᠲ ᠢ ᠬᠠᠭᠠᠰ ᠪᠣᠯᠪᠠᠰᠤᠷᠠᠭᠤᠯᠬᠤ ᠦᠢᠯᠡᠳᠪᠦᠷᠢᠯᠡᠯ ᠢ ᠬᠦᠭᠵᠢᠭᠦᠯᠬᠦ ᠲᠠᠯ᠎ᠠ ᠪᠠᠷ ᠶᠠᠷᠢᠯᠴᠠᠵᠤ᠂ ᠰᠤᠳᠤᠯᠭᠠᠨ ᠤ ᠠᠵᠢᠯ ᠢ ᠬᠠᠮᠲᠤᠷᠠᠨ ᠡᠬᠢᠯᠡᠭᠦᠯᠬᠦ ᠪᠡᠷ ᠲᠣᠭᠲᠠᠯ᠎ᠠ᠃  ᠮᠦᠨ ᠨᠡᠶᠢᠲᠡ ᠶᠢᠨ ᠲᠡᠭᠡᠭᠡᠪᠦᠷᠢ ᠶᠢ ᠡᠸᠦ᠋ᠷᠤ᠋ ᠰᠲ᠋ᠠᠨᠳᠠᠷᠲ ᠲᠤ ᠰᠢᠯᠵᠢᠭᠦᠯᠬᠦ ᠠᠰᠠᠭᠤᠳᠠᠯ ᠶᠠᠷᠢᠭᠳᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ