ᠮᠣᠩᠭᠣᠯ ᠤᠯᠤᠰ ᠤᠨ ᠰᠢᠳᠠᠷ ᠰᠠᠶᠢᠳ ᠰ∙ᠠᠮᠤᠷᠰᠠᠶᠢᠬᠠᠨ 《ᠮᠣᠩᠭᠣᠯ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ》 ᠺᠤᠮᠫᠠᠨᠢ ᠶᠢᠨ ᠲᠥᠪ ᠲᠦ ᠠᠵᠢᠯᠯᠠᠵᠤ᠂ ᠦᠢᠯᠡᠳᠪᠦᠷᠢ ᠪᠠᠶᠢᠭᠤᠯᠬᠤ ᠠᠵᠢᠯ ᠦᠨ ᠶᠠᠪᠤᠴᠠ ᠶᠢ ᠳ᠋ᠦᠩᠨᠡᠵᠦ᠂ ᠲᠥᠷᠥ ᠵᠠᠰᠠᠭ ᠠᠴᠠ ᠰᠢᠢᠳᠪᠦᠷᠢᠯᠡᠬᠦ ᠱᠠᠭᠠᠷᠳᠠᠯᠭ᠎ᠠ ᠲᠠᠢ᠂ ᠲᠤᠯᠭᠠᠮᠳᠠᠭᠰᠠᠨ ᠠᠰᠠᠭᠤᠳᠠᠯ ᠤᠳ ᠤᠨ ᠲᠠᠯ᠎ᠠ ᠪᠠᠷ ᠶᠠᠷᠢᠯᠴᠠᠵᠠᠢ᠃
ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠳᠥᠷᠪᠡᠨ ᠪᠠᠭᠴᠠ ᠠᠵᠢᠯ ᠳᠤ ᠬᠤᠪᠢᠶᠠᠨ ᠬᠡᠷᠡᠭᠵᠢᠭᠦᠯᠵᠦ ᠪᠤᠢ᠃ ᠣᠳᠣ ᠶᠢᠨ ᠪᠠᠶᠢᠳᠠᠯ ᠢᠶᠠᠷ EPC 01 ᠪᠤᠶᠤ 《ᠲᠧᠭᠨᠣᠯᠣᠭᠢ ᠶᠢᠨ ᠪᠤᠰᠤ ᠪᠠᠷᠢᠯᠭ᠎ᠠ᠂ ᠪᠠᠶᠢᠭᠤᠯᠤᠮᠵᠢ᠂ ᠤᠰᠤ ᠳᠠᠮᠵᠢᠭᠤᠯᠬᠤ ᠬᠣᠭᠣᠯᠠᠢ᠂ ᠤᠰᠤᠨ ᠤ ᠨᠥᠭᠡᠴᠡ ᠶᠢᠨ ᠷᠧᠽᠧᠷᠸᠤᠷ᠂ ᠦᠢᠯᠡᠳᠪᠦᠷᠢ ᠶᠢᠨ ᠲᠠᠯᠠᠪᠠᠢ ᠶᠢᠨ ᠳᠡᠳ᠋ ᠪᠦᠲᠦᠴᠡ ᠶᠢᠨ ᠪᠠᠶᠢᠭᠤᠯᠤᠮᠵᠢ ᠶᠢᠨ ᠠᠵᠢᠯ》 ᠢ ᠡᠨᠡᠳᠬᠡᠭ ᠦᠨ ᠺᠤᠮᠫᠠᠨᠢ 2021 ᠣᠨ ᠠᠴᠠ ᠡᠬᠢᠯᠡᠨ ᠭᠦᠢᠴᠡᠳᠭᠡᠵᠦ ᠪᠠᠶᠢᠭ᠎ᠠ ᠪᠥᠭᠡᠳ ᠠᠵᠢᠯ ᠤᠨ ᠶᠠᠪᠤᠴᠠ 70 ᠭᠠᠷᠤᠢ ᠬᠤᠪᠢ ᠲᠠᠢ ᠦᠷᠭᠦᠯᠵᠢᠯᠡᠵᠦ ᠪᠠᠶᠢᠨ᠎ᠠ᠃
ᠳᠠᠷᠠᠭ᠎ᠠ ᠶᠢᠨ ᠭᠡᠷ᠎ᠡ ᠶᠢᠨ ᠪᠠᠭᠴᠠ ᠨᠤᠭᠤᠳ ᠪᠣᠯᠬᠤ EPC 02 ᠪᠤᠶᠤ ᠠᠩᠬᠠᠳᠠᠭᠴᠢ ᠫᠷᠣᠼᠧᠰᠰ ᠤᠨ ᠪᠣᠯᠤᠨ ᠳᠠᠭᠠᠯᠳᠤᠬᠤ ᠪᠠᠶᠢᠭᠤᠯᠤᠮᠵᠢ᠂ EPC 03 ᠪᠤᠶᠤ ᠦᠢᠯᠡᠳᠪᠦᠷᠢ ᠶᠢᠨ ᠴᠠᠬᠢᠯᠭᠠᠨ ᠰᠲ᠋ᠠᠨᠼ ᠤᠨ ᠶᠡᠷᠦᠩᠬᠡᠢ ᠭᠦᠢᠴᠡᠳᠬᠡᠭᠴᠢ ᠺᠣᠮᠫᠠᠨᠢ ᠲᠠᠢ ᠭᠡᠷ᠎ᠡ ᠪᠠᠶᠢᠭᠤᠯᠬᠤ ᠠᠰᠠᠭᠤᠳᠠᠯ ᠢ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠬᠡᠯᠡᠯᠴᠡᠭᠦᠯᠦᠨ ᠰᠢᠢᠳᠪᠦᠷᠢᠯᠡᠭᠦᠯᠬᠦ ᠳᠦ ᠪᠡᠯᠡᠨ ᠪᠣᠯᠤᠭᠠᠳ ᠪᠠᠶᠢᠭ᠎ᠠ ᠲᠠᠯ᠎ᠠ ᠪᠠᠷ《ᠮᠣᠩᠭᠣᠯ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ》ᠺᠤᠮᠫᠠᠨᠢ ᠶᠢᠨ ᠭᠦᠢᠴᠡᠳᠭᠡᠬᠦ ᠵᠠᠬᠢᠷᠤᠯ ᠳ ∙ ᠠᠯᠲᠠᠨᠴᠡᠴᠡᠭ ᠲᠠᠨᠢᠯᠴᠠᠭᠤᠯᠤᠯ᠎ᠠ᠃