《ᠬᠢᠯᠢ ᠶᠢᠨ ᠨᠣᠭᠣᠭᠠᠨ ᠪᠦᠰᠡ》ᠠᠶᠠᠨ ᠵᠣᠬᠢᠶᠠᠨ ᠪᠠᠶᠢᠭᠤᠯᠤᠯ᠎ᠠ | News.MN

《ᠬᠢᠯᠢ ᠶᠢᠨ ᠨᠣᠭᠣᠭᠠᠨ ᠪᠦᠰᠡ》ᠠᠶᠠᠨ ᠵᠣᠬᠢᠶᠠᠨ ᠪᠠᠶᠢᠭᠤᠯᠤᠯ᠎ᠠ

ᠭᠣᠪᠢ-ᠠᠯᠲᠠᠢ ᠠᠶᠢᠮᠠᠭ ᠤᠨ ᠭᠡᠮᠲᠦ ᠬᠡᠷᠡᠭ ᠡᠴᠡ ᠤᠷᠢᠳᠴᠢᠯᠠᠨ ᠰᠡᠷᠭᠡᠶᠢᠯᠡᠬᠦ ᠠᠵᠢᠯ ᠢ ᠵᠣᠬᠢᠴᠠᠭᠤᠯᠬᠤ ᠰᠠᠯᠪᠤᠷᠢ ᠵᠥᠪᠯᠡᠯ ᠦᠨ ᠭᠡᠰᠢᠭᠦᠳ ᠬᠢᠯᠢ ᠶᠢᠨ ᠴᠡᠷᠢᠭ ᠦᠨ 0214 ᠳ᠋ᠤᠭᠡᠷ ᠠᠩᠭᠢ᠂ ᠬᠢᠯᠢ ᠶᠢᠨ ᠽᠠᠰᠲ᠋ᠠᠪ ᠤᠳ ᠲᠤ ᠠᠵᠢᠯᠯᠠᠯ᠎ᠠ᠃ ᠲᠡᠳᠡ ᠳᠡᠯᠡᠬᠡᠢ ᠶᠢᠨ ᠪᠠᠶᠢᠭᠠᠯᠢ ᠬᠠᠮᠠᠭᠠᠯᠠᠬᠤ  ᠰᠠᠩ︵WWF︶ ᠤᠨ ᠬᠢᠨ ᠲᠠᠢ ᠬᠠᠮᠲᠤᠷᠠᠨ《ᠬᠢᠯᠢ ᠶᠢᠨ ᠨᠤᠭᠤᠭᠠᠨ ᠪᠦᠰᠡ》ᠠᠶᠠᠨ ᠢ ᠵᠣᠬᠢᠶᠠᠨ ᠪᠠᠶᠢᠭᠤᠯᠤᠯ᠎ᠠ᠃
ᠤᠭ ᠠᠶᠠᠨ ᠤ ᠬᠦᠷᠢᠶᠡᠨ ᠳᠦ ᠬᠢᠯᠢ ᠶᠢᠨ ᠴᠡᠷᠢᠭ ᠦᠨ ᠠᠯᠪᠠ ᠬᠠᠭᠠᠭᠴᠢᠳ ᠲᠤ ᠬᠠᠤᠯᠢ ᠲᠣᠭᠲᠠᠭᠠᠮᠵᠢ ᠶᠢᠨ ᠬᠡᠷᠡᠭᠵᠢᠯᠲᠡ᠂ ᠢᠯᠡᠷᠡᠵᠦ ᠪᠤᠢ ᠵᠥᠷᠢᠴᠡᠯ ᠳᠤᠲᠠᠭᠳᠠᠯ ᠳᠤ ᠦᠨᠡᠯᠡᠯᠲᠡ ᠳ᠋ᠦᠩᠨᠡᠯᠲᠡ ᠬᠢᠬᠦ᠂ ᠴᠢᠨᠠᠭᠰᠢᠳᠠ ᠬᠡᠷᠡᠭᠵᠢᠭᠦᠯᠬᠦ ᠠᠷᠭ᠎ᠠ ᠬᠡᠮᠵᠢᠶᠡᠨ ᠦ ᠲᠠᠯ᠎ᠠ ᠪᠠᠷ ᠮᠡᠳᠡᠭᠡᠯᠡᠯ ᠥᠭᠴᠦ ᠬᠠᠷᠢᠯᠴᠠᠨ ᠰᠠᠨᠠᠯ ᠰᠣᠯᠢᠯᠴᠠᠭᠰᠠᠨ ᠪᠠᠶᠢᠨ᠎ᠠ᠃ ᠡᠭᠦᠨ ᠦ ᠵᠡᠷᠭᠡᠴᠡᠭᠡ ᠳᠠᠷᠬᠠᠨ ᠴᠠᠭᠠᠵᠠᠲᠤ ᠭᠠᠵᠠᠷ ᠤᠨ ᠪᠥᠰᠡ ᠨᠤᠲᠤᠭ ᠲᠤ ᠬᠠᠤᠯᠢ ᠪᠤᠰᠤ ᠠᠩ ᠠᠩᠨᠠᠭᠤᠷ ᠬᠢᠵᠦ ᠪᠠᠶᠢᠭ᠎ᠠ ᠡᠰᠡᠬᠦ ᠳᠦ ᠲᠠᠩᠳᠠᠯᠲᠠ ᠰᠤᠳᠤᠯᠭ᠎ᠠ ᠬᠢᠬᠦ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠡᠷᠬᠢᠨ ᠵᠣᠬᠢᠶᠠᠨ ᠪᠠᠶᠢᠭᠤᠯᠬᠤ ᠲᠠᠯ᠎ᠠ ᠪᠠᠷ ᠮᠡᠳᠡᠭᠡᠯᠡᠯ ᠥᠭᠴᠦ ᠠᠵᠢᠯᠯᠠᠯ᠎ᠠ ᠬᠡᠮᠡᠨ ᠭᠣᠪᠢ-ᠠᠯᠲᠠᠢ ᠠᠶᠢᠮᠠᠭ ᠤᠨ ᠢᠷᠭᠡᠳ ᠦᠨ ᠲᠥᠯᠥᠭᠡᠯᠡᠭᠴᠢᠳ ᠦᠨ ᠬᠤᠷᠠᠯ ᠠᠴᠠ ᠮᠡᠳᠡᠭᠡᠯᠡᠪᠡ᠃

ᠰᠡᠳᠬᠢᠭᠳᠡᠯ ᠦᠯᠡᠳᠡᠭᠡᠬᠦ